ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠤᠷᠭᠠᠭᠤᠯᠢ ᠶᠢᠨ ᠠᠮᠤᠷ ᠲᠠᠪᠰᠢᠨ ᠢ ᠰᠠᠬᠢᠨ ᠬᠠᠮᠠᠭᠠᠯᠠᠵᠤ ᠪᠣᠢ
ᠨᠡᠶᠢᠲᠡᠯᠡᠭᠰᠡᠨ ᠴᠠᠭ᠄
2023/11/13
      ᠲᠠᠰᠬᠢᠮ᠎ᠠ ᠬᠦᠢᠲᠡᠨ ᠠᠭᠠᠭᠢᠮ᠎ᠠ ᠬᠠᠯᠠᠭᠤᠨ ᠠᠯᠢ ᠨᠢ ᠴᠦ ᠭᠡᠰᠡᠨ ᠦᠭᠡᠢ᠂ ᠪᠥᠬᠦ ᠬᠤᠰᠢᠭᠤᠨ ᠤ ᠡᠯ᠎ᠡ ᠰᠤᠷᠭᠠᠭᠤᠯᠢ ᠶᠢᠨ ᠡᠭᠦᠳᠡᠨ ᠳᠤ ᠶᠡᠷᠦ ᠠᠴᠠ ᠴᠠᠭᠳᠠᠭᠠᠨ ᠤ ᠮᠠᠯᠠᠭᠠᠢ ᠵᠡᠭᠦᠵᠦ᠂ ᠴᠠᠭᠳᠠᠭᠠᠨ ᠤ ᠬᠤᠪᠴᠠᠰᠤ ᠡᠮᠦᠰᠦᠭᠰᠡᠨ ᠬᠦᠮᠦᠰ ᠤᠨ ᠪᠠᠷ᠎ᠠ ᠬᠠᠷᠠᠭᠳᠠᠨ᠎ᠠ᠃ ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠠᠭᠳᠠᠭᠠᠨ ᠤ ᠬᠦᠴᠦᠨ ᠤ ᠲᠣᠬᠢᠷᠠᠭᠤᠯᠤᠯᠲᠠ ᠪᠠᠨ ᠰᠢᠯᠢᠳᠡᠭᠵᠢᠭᠦᠯᠵᠦ᠂ ᠨᠠᠩ ᠵᠢᠷᠤᠮᠵᠢᠭᠤᠨ᠂ ᠨᠠᠩ ᠳᠣᠲᠣᠨᠣ ᠰᠤᠷᠭᠠᠭᠤᠯᠢ ᠶᠢᠨ ᠬᠦᠷᠢᠶᠡᠨ ᠤ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠳᠤ ᠣᠷᠣᠬᠤ ᠪᠠ ᠭᠠᠷᠬᠤ ᠵᠠᠮ ᠬᠠᠷᠢᠯᠴᠠᠭᠠᠨ ᠤ ᠣᠷᠭᠢᠯ ᠢ ᠢᠳᠡᠪᠬᠢᠲᠡᠢ ᠠᠷᠭᠠᠴᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢᠶᠠᠷ ᠰᠤᠷᠭᠠᠭᠤᠯᠢ ᠳᠤ ᠣᠷᠣᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠪᠥᠬᠦ ᠬᠤᠰᠢᠭᠤᠨ ᠤ ᠰᠤᠷᠤᠭᠴᠢᠳ ᠤᠨ ᠠᠮᠤᠷ ᠲᠦᠪᠰᠢᠨ ᠢᠶᠠᠷ ᠦᠰᠦᠨ ᠪᠣᠶᠢᠵᠢᠬᠤ ᠳᠤ ᠠᠮᠤᠷ ᠲᠦᠪᠰᠢᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠪᠡ᠃
11.13脚尖.jpg
      ᠣᠶᠢᠷ᠎ᠠ ᠶᠢᠨ ᠡᠳᠦᠷ ᠠᠭᠠᠷ ᠤᠨ ᠳᠤᠯᠠᠭᠠᠨ ᠭᠡᠨᠡᠳᠲᠡ ᠪᠠᠭᠤᠷᠠᠵᠤ᠂ ᠬᠠᠬᠢᠷ ᠬᠦᠢᠲᠡᠨ ᠠᠭᠤᠷ ᠠᠮᠢᠰᠬᠤᠯ᠂ ᠬᠠᠯᠲᠠᠷᠢᠭ᠎ᠠ ᠲᠠᠢ ᠵᠠᠮ ᠨᠢ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠵᠣᠬᠢᠬᠤ ᠬᠡᠮᠵᠢᠶ᠎ᠡ ᠪᠠᠷ ᠨᠥᠯᠥᠭᠡᠯᠡᠪᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ ᠲᠤᠰᠠᠯᠠᠬᠤ ᠴᠠᠭᠳᠠᠭ᠎ᠠ ᠡᠳᠦᠷ ᠪᠦᠷᠢ ᠤᠷᠢᠳᠴᠢᠯᠠᠨ ᠠᠵᠢᠯ ᠤᠨ ᠪᠠᠶᠢᠷᠢ ᠳᠠᠭᠠᠨ ᠬᠦᠷᠴᠦ᠂ ᠰᠤᠷᠭᠠᠭᠤᠯᠢ ᠶᠢᠨ ᠡᠭᠦᠳᠡᠨ ᠤ ᠡᠮᠦᠨᠡᠬᠢ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠰᠤᠷᠭᠠᠭᠤᠯᠢ ᠶᠢᠨ ᠡᠭᠦᠳᠡᠨ ᠳᠡᠭᠡᠷᠡᠬᠢ ᠭᠡᠷ ᠤᠨ ᠠᠬᠠᠮᠠᠳ᠂ ᠰᠤᠷᠤᠭᠴᠢᠳ ᠴᠤᠭᠯᠠᠷᠠᠬᠤ ᠦᠭᠡᠢ ᠪᠠᠶᠢᠬᠤ ᠶᠢ ᠬᠥᠲᠥᠯᠥᠨ ᠵᠢᠯᠤᠭᠤᠳᠴᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠰᠤᠷᠭᠠᠭᠤᠯᠢ ᠳᠤ ᠣᠷᠣᠬᠤ ᠶᠢ ᠪᠠᠲᠤᠯᠠᠪᠠ᠃ ᠡᠭᠦᠨ ᠤ ᠬᠠᠮᠲᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠡᠵᠢᠭᠯᠡᠯᠲᠡᠢ ᠲᠡᠷᠭᠡ ᠬᠥᠰᠬᠡ᠂ ᠠᠵᠢᠯᠲᠠᠨ ᠢ ᠨᠢᠭᠲᠠ ᠠᠩᠬᠠᠷᠴᠤ᠂ ᠲᠣᠭᠲᠠᠭᠤᠨ ᠪᠤᠰᠤ ᠬᠦᠴᠦᠨ ᠵᠦᠢᠯ ᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠰᠤᠷᠭᠠᠭᠤᠯᠢ ᠳᠤ ᠪᠠᠶᠢᠭ᠎ᠠ ᠪᠠᠭᠰᠢ ᠰᠣᠷᠣᠭᠴᠢ ᠵᠢᠴᠢ ᠭᠡᠷ ᠤᠨ ᠠᠬᠠᠮᠠᠳ ᠤᠨ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠠᠶᠢᠨ ᠰᠠᠶᠢᠬᠠᠨ ᠡᠮᠬᠢ ᠳᠢᠭᠯᠢᠮ ᠢ ᠪᠣᠶ ᠪᠣᠯᠭᠠᠪᠠ᠃       ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠵᠢᠯ ᠤᠨ ᠲᠣᠭᠲᠠᠴᠠ ᠪᠠᠨ ᠦᠷᠭᠦᠯᠵᠢᠯᠡᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠵᠢᠴᠢ ᠠᠯᠢ ᠤᠯᠠᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠦᠷᠳᠡᠭᠦᠯᠬᠦ᠂ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠥᠷᠭᠡᠨ ᠤᠯᠠᠨ ᠰᠤᠷᠤᠭᠴᠢᠳ ᠲᠤ ︽ᠠᠮᠤᠷ ᠲᠦᠪᠰᠢᠨ ᠤ ᠬᠠᠯᠬᠠᠪᠴᠢ︾ ᠶᠢ ᠦᠨᠡᠨᠬᠦ ᠲᠤᠯᠭᠠᠭᠤᠷᠢᠯᠠᠵᠤ᠂ ︽ᠠᠮᠤᠷ ᠲᠦᠪᠰᠢᠨ ᠵᠠᠮ︾ ᠢ ᠰᠠᠬᠢᠨ ᠬᠠᠮᠠᠭᠠᠯᠠᠨ᠎ᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ