ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ 2 ᠲᠦᠮᠡ ᠭᠠᠷᠤᠶ ᠪᠠᠭᠰᠢ ᠨᠠᠷ ᠰᠤᠷᠭᠠᠨ ᠬᠥᠮᠦᠵᠢᠯ ᠢ ᠳᠡᠮᠵᠢᠬᠦ ᠰᠤᠳᠤᠯᠭᠠᠨ ᠢ ᠲᠡᠮᠵᠢᠬᠦ ᠠᠵᠢᠯᠯᠠᠭ᠎ᠠ ᠥᠷᠨᠢᠭᠦᠯᠪᠡ︕
ᠨᠡᠶᠢᠲᠡᠯᠡᠭᠰᠡᠨ ᠴᠠᠭ᠄
2023/11/20
        ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠤᠯᠤᠰ ᠤᠨ ᠦᠳᠡᠯᠦᠭᠡ ᠨᠠᠰᠤᠨ ᠤ ᠪᠠᠭᠰᠢ ᠶᠢᠨ ᠠᠵᠢᠯᠯᠠᠭᠠᠨ ᠤ ᠲᠥᠯᠥᠪᠯᠡᠭᠡ︾ ︵ᠳᠣᠷᠣᠭᠰᠢ ︽ᠦᠳᠡᠯᠦᠭᠡ ᠨᠠᠰᠤᠨ ᠤ ᠪᠠᠭᠰᠢ ᠶᠢᠨ ᠲᠥᠯᠥᠪᠯᠡᠭᠡ︾ ᠭᠡᠵᠦ ᠲᠣᠪᠴᠢᠯᠠᠨ᠎ᠠ︶᠎ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ 11 ᠰᠠᠷ᠎ᠠ ᠶᠢᠨ 15᠎ ᠤ ᠡᠳᠦᠷ ᠤᠯᠤᠰ ᠤᠨ ᠦᠳᠡᠯᠦᠭᠡ ᠨᠠᠰᠤᠨ ᠤ ᠪᠠᠭᠰᠢ ᠶᠢᠨ ᠠᠵᠢᠯᠯᠠᠭᠠᠨ ᠤ ᠲᠥᠯᠥᠪᠯᠡᠭᠡ ᠶᠢᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃       ᠬᠤᠷᠠᠯ ᠠᠴᠠ᠂ ᠰᠤᠷᠭᠠᠨ ᠬᠥᠮᠦᠵᠢᠯ ᠤᠨ ᠶᠠᠮᠤᠨ 2018 ᠣᠨ ᠳᠤ ᠰᠠᠭᠤᠷᠢ ᠰᠤᠷᠭᠠᠨ ᠬᠥᠮᠦᠵᠢᠯ ᠳᠤ ᠬᠠᠨᠳᠤᠭᠤᠯᠤᠨ ᠦᠳᠡᠯᠦᠭᠡ ᠨᠠᠰᠤᠨ ᠤ ᠪᠠᠭᠰᠢ ᠶᠢᠨ ᠬᠢᠴᠢᠶᠡᠯ ᠣᠷᠣᠬᠤ ᠲᠥᠯᠥᠪᠯᠡᠭᠡ ᠶᠢ ᠡᠬᠢᠯᠡᠭᠦᠯᠵᠦ᠂ 2020 ᠣᠨ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ ᠬᠠᠨᠳᠤᠭᠤᠯᠤᠨ ᠶᠡᠭᠡ ᠳᠡᠭᠡᠳᠦ ᠰᠤᠷᠭᠠᠭᠤᠯᠢ ᠶᠢᠨ ᠦᠳᠡᠯᠦᠭᠡ ᠨᠠᠰᠤᠨ ᠤ ᠪᠠᠭᠰᠢ ᠶᠢᠨ ᠪᠠᠷᠠᠭᠤᠨ ᠣᠷᠣᠨ ᠢ ᠲᠤᠰᠠᠯᠠᠬᠤ ᠲᠥᠯᠥᠪᠯᠡᠭᠡ ᠶᠢ ᠡᠬᠢᠯᠡᠭᠦᠯᠵᠦ᠂ ᠨᠡᠶᠢᠲᠡ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ 2 ᠲᠦᠮᠡ ᠭᠠᠷᠤᠶ ᠪᠠᠭᠰᠢ ᠪᠠ ᠶᠡᠭᠡ ᠳᠡᠭᠡᠳᠦ ᠰᠤᠷᠭᠠᠭᠤᠯᠢ ᠵᠢᠨ‌ᠠᠵᠢᠯ ᠠᠴᠠ ᠪᠠᠨ ᠠᠮᠠᠷᠠᠭᠰᠠᠨ 1400 ᠭᠠᠷᠤᠶ ᠪᠠᠭᠰᠢ ᠶᠢ ᠤᠷᠢᠵᠦ ᠰᠤᠷᠭᠠᠨ ᠬᠥᠮᠦᠵᠢᠯ ᠢ ᠳᠡᠮᠵᠢᠬᠦ ᠰᠤᠳᠤᠯᠭᠠᠨ ᠢ ᠲᠡᠮᠵᠢᠬᠦ ᠠᠵᠢᠯᠯᠠᠭ᠎ᠠ ᠥᠷᠨᠢᠭᠦᠯᠪᠡ᠃      ᠬᠤᠷᠠᠯ ᠠᠴᠠ᠂ ︽ᠦᠳᠡᠯᠦᠭᠡ ᠨᠠᠰᠤᠨ ᠤ ᠪᠠᠭᠰᠢ ᠶᠢᠨ ᠲᠥᠯᠥᠪᠯᠡᠭᠡ︾᠎ ᠨᠢ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ᠂ ᠳᠤᠮᠳᠠ ᠪᠠᠷᠠᠭᠤᠨ ᠣᠷᠣᠨ ᠢᠯᠠᠩᠭᠤᠶ᠎ᠠ ᠲᠤᠬᠠᠢ ᠶᠢᠨ ᠭᠠᠵᠠᠷ ᠤᠨ ᠰᠢᠨ᠎ᠡ ᠪᠠᠷ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠬᠦᠴᠦᠨ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠢ ᠨᠠᠮᠳᠠᠭᠤᠯᠤᠭᠰᠠᠨ ᠪᠥᠭᠡᠳ ᠳᠤᠮᠳᠠ ᠪᠠᠷᠠᠭᠤᠨ ᠣᠷᠣᠨ ᠤ ᠪᠠᠭᠰᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡ ᠶᠢᠨ ᠲᠤᠰᠬᠠᠢ ᠮᠡᠷᠭᠡᠵᠢᠯ ᠤᠨ ᠬᠥᠭᠵᠢᠯᠲᠡ ᠶᠢ ᠠᠬᠢᠭᠤᠯᠤᠬᠰᠠᠨ ᠪᠠᠶᠢᠨ᠎ᠠ ᠭᠡᠵᠦ ᠵᠢᠭᠠᠵᠤ ᠭᠠᠷᠭᠠᠪᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ