11 ᠰᠠᠷ᠎ᠠ ᠶᠢᠨ 16 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ︽ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ ᠡᠷᠡᠯᠬᠡᠭᠯᠡᠨ ᠤᠷᠤᠭᠰᠢᠯᠠᠬᠤ ᠬᠦᠴᠦᠨ ᠢ | ᠨᠢᠭᠲᠠᠷᠠᠭᠤᠯᠵᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠶ᠎ᠠ︾ ᠭᠡᠬᠦ ᠰᠡᠳᠦᠪ ᠢᠶᠠᠷ | ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ | ᠶᠢ ᠴᠢᠩᠭ᠎ᠠ ᠠᠳᠬᠤᠵᠤ᠂ ᠲᠣᠰ ᠪᠡᠶ᠎ᠡ ᠶᠢᠨ ᠰᠤᠷᠤᠯᠴᠠᠭᠰᠠᠨ ᠣᠶᠢᠯᠠᠭᠠᠯᠲᠠ ᠲᠠᠢ ᠪᠠᠨ ᠤᠶᠠᠯᠳᠤᠭᠤᠯᠤᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠥᠬᠦ ᠨᠠᠮ ᠤᠨ | ᠭᠡᠰᠢᠭᠦᠨ ᠺᠠᠳ᠋ᠷᠴᠤᠳ ᠲᠤ ᠣᠨᠣᠯ ᠲᠠᠢ᠂ ᠦᠢᠯᠡᠳᠦᠯᠭᠡ ᠲᠠᠢ᠂ ᠭᠦᠨᠴᠡ ᠲᠠᠢ ᠨᠠᠮ ᠤᠨ ᠬᠢᠴᠢᠶᠡᠯ ᠢ ᠪᠥᠬᠦ ᠲᠠᠯ᠎ᠠ ᠪᠠᠷ᠂ ᠣᠯᠠᠨ ᠲᠠᠰ ᠳᠠᠪᠬᠤᠷᠭ᠎ᠠ ᠶᠢᠨ᠂ ᠣᠯᠠᠨ ᠲᠠᠯ᠎ᠠ | ᠶᠢᠨ ᠬᠠᠷᠠᠭᠠᠰᠤ ᠠᠴᠠ ᠣᠷᠣᠪᠠ᠃ | | | | ᠴᠠᠩ ᠴᠢᠩ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠣᠨ᠎ᠠ᠃ ᠪᠦᠬᠦ ᠨᠠᠮ ᠤᠨ ᠭᠡᠰᠢᠭᠦᠨ ᠺᠠᠳ᠋ᠷᠴᠤᠳ ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ | ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠠᠨ | ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠡᠷᠡᠮᠡᠬᠡᠶᠢᠯᠡᠨ | ᠤᠷᠤᠭᠰᠢᠯᠠᠬᠤ ᠢᠳᠡᠪᠬᠢ ᠬᠦᠴᠦᠨ ᠢ ᠬᠤᠷᠠᠮᠳᠤᠭᠤᠯᠬᠤ ᠬᠡᠷᠡᠭᠲᠡᠢ ᠭᠡᠵᠦ ᠴᠢᠩᠭᠠᠳᠬᠠᠪᠠ᠃ | ᠴᠠᠩ ᠴᠢᠩ᠂ ᠪᠦᠬᠦ ᠨᠠᠮ ᠤᠨ ᠭᠡᠰᠢᠭᠦᠨ ᠺᠠᠳ᠋ᠷᠴᠤᠳ ︽ᠶᠠᠭᠤᠨ ᠳᠤ ᠰᠤᠷᠤᠯᠴᠠᠬᠤ︾ ᠲᠠᠯ᠎ᠠ ᠪᠠᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠤᠨᠤᠯ ᠤᠨ ᠰᠤᠷᠤᠯᠴᠠᠯᠭ᠎ᠠ ᠶᠢ ᠨᠡᠩ ᠢᠯᠡᠭᠦᠦ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠬᠡᠷᠡᠭᠲᠡᠢ︔ ︽ᠶᠠᠭᠤ ᠶᠢ ᠰᠤᠷᠬᠤ︾ ᠲᠠᠯ᠎ᠠ ᠪᠠᠷ ᠪᠦᠬᠦ ᠲᠠᠯ᠎ᠠ ᠪᠠᠷ | ᠰᠢᠰᠲ᠋ᠧᠮ ᠲᠠᠢ ᠪᠠᠶᠢᠵᠤ᠂ ᠭᠤᠣᠯ ᠴᠢᠮᠦᠭᠡ ᠴᠢᠬᠤᠯᠠ ᠠᠭᠤᠯᠭ᠎ᠠ ᠶᠢ ᠨᠡᠩ ᠭᠦᠨᠵᠡᠭᠡᠢ ᠨᠡᠪᠲᠡᠷᠬᠡᠢ ᠡᠵᠡᠮᠰᠢᠬᠦ ᠬᠡᠷᠡᠭᠲᠡᠢ︔ ︽ᠬᠡᠷᠬᠢᠨ ᠰᠤᠷᠤᠯᠴᠠᠬᠤ︾ ᠲᠠᠯ᠎ᠠ ᠪᠠᠷ | ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠵᠦ᠂ ᠨᠠᠮᠴᠢ ᠴᠢᠨᠠᠷ ᠤᠨ ᠪᠣᠯᠪᠠᠰᠤᠷᠠᠯ ᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠳᠠᠪᠲᠠᠨ ᠪᠣᠯᠪᠠᠰᠤᠷᠠᠭᠤᠯᠬᠤ | ᠬᠡᠷᠡᠭᠲᠡᠢ︔ ︽ᠶᠠᠭᠠᠬᠢᠵᠤ ᠬᠢᠬᠦ︾ ᠲᠠᠯ᠎ᠠ ᠪᠠᠷ ᠮᠡᠳᠡᠬᠦᠢ ᠬᠢᠬᠦᠢ ᠪᠠᠨ ᠨᠢᠭᠡᠳᠬᠡᠬᠦ ᠶᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠡᠯ᠎ᠡ | ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠠᠮᠤᠭ ᠤᠨ ᠡᠴᠦᠰ ᠲᠤ᠂ ᠴᠠᠩ ᠴᠢᠩ ᠵᠠᠰᠠᠭ ᠤᠨ ᠣᠷᠳᠣᠨ ᠤ ᠠᠯᠪᠠᠨ ᠭᠡᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠱᠠᠭᠠᠷᠳᠠᠯᠭ᠎ᠠ ᠳᠤᠷᠠᠳᠴᠤ᠂ ᠵᠠᠰᠠᠭ ᠤᠨ ᠣᠷᠳᠣᠨ ᠤ ᠠᠯᠪᠠᠨ ᠭᠡᠷ ︽ᠭᠤᠷᠪᠠ ᠳᠤ ᠦᠢᠯᠡᠴᠢᠯᠡᠬᠦ︾ ᠬᠢᠷᠢ ᠲᠦᠪᠰᠢᠨ ᠢᠶᠠᠨ ᠬᠦᠴᠦᠯᠡᠨ | ᠳᠡᠭᠡᠭᠰᠢᠯᠡᠭᠦᠯᠵᠦ᠂ ᠬᠡᠵᠢᠶᠡᠳᠡ ᠴᠠᠯᠠᠭᠠᠶᠢᠷᠠᠬᠤ ᠦᠭᠡᠢ ᠣᠶᠤᠨ ᠰᠠᠨᠠᠭᠠᠨ ᠤ ᠳᠦᠷᠰᠦ ᠪᠠᠶᠢᠳᠠᠯ ᠪᠠ ᠴᠤᠴᠠᠯᠲᠠ ᠦᠭᠡᠢ ᠲᠡᠮᠡᠴᠡᠬᠦ ᠳᠦᠷᠢ ᠪᠠᠶᠢᠳᠠᠯ ᠢᠶᠠᠷ ᠡᠯ᠎ᠡ | ᠵᠦᠢᠯ ᠤᠨ ᠠᠵᠢᠯ ᠤᠨ ᠲᠡᠷᠢᠭᠦᠨ ᠤ ᠬᠢ ᠶᠢ ᠡᠭᠦᠳᠴᠦ᠂ ᠲᠡᠷᠢᠭᠦᠨ ᠤ ᠬᠢ ᠶᠢ ᠵᠢᠭᠰᠠᠭᠠᠬᠤ ᠶᠢ ᠲᠦᠯᠬᠢᠨ ᠠᠬᠢᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠳᠤ ᠲᠠᠰᠤᠷᠠᠯᠲᠠ ᠦᠭᠡᠢ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ | ᠱᠠᠭᠠᠷᠳᠠᠪᠠ᠃ | | |