ᠪᠥᠬᠡᠪᠠᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 68 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/20
      11 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ 68 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠴᠠᠩ ᠴᠢᠩ᠂ ᠲᠢᠶᠠᠨ ᠹᠧᠩ ᠯᠢᠨ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠯᠦᠩ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠳᠠᠰᠢᠵᠠᠮᠰᠤ ᠬᠤᠷᠠᠯ ᠳᠤ ᠰᠤᠯᠠ ᠣᠷᠣᠯᠴᠠᠪᠠ᠃
11.20常委会.jpg
      ᠬᠤᠷᠠᠯ ᠠᠴᠠ ᠳᠡᠭᠡᠳᠦ ᠱᠠᠲᠤᠨ ᠤ ᠶᠠᠷᠢᠶ᠎ᠠ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠶᠡᠭᠡ ᠵᠠᠷᠴᠢᠮ ᠢ ᠭᠦᠨᠵᠡᠭᠡᠢ ᠣᠶᠢᠯᠠᠭᠠᠨ ᠡᠵᠡᠮᠰᠢᠵᠦ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠵᠢᠷᠭᠤᠭᠠᠨ ᠶᠡᠭᠡ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠰᠡᠳᠬᠢᠴᠡ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠢᠯᠡᠳᠦᠯᠭᠡ ᠶᠢ ᠠᠬᠢᠭᠤᠯᠬᠤ ᠬᠡᠷᠡᠭᠲᠡᠢ᠃ ᠥᠪᠥᠷ ᠮᠣᠩᠭᠤᠯ ᠤᠨ ᠵᠡᠭᠦᠨ ᠬᠡᠰᠡᠭ ᠤᠨ ᠰᠢᠨ᠎ᠡ ᠨᠢᠭᠡ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠲᠦᠷᠦ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠨᠡᠪᠲᠡᠷᠬᠡᠢ ᠣᠶᠢᠯᠠᠭᠠᠵᠤ᠂ ᠵᠡᠭᠦᠨ ᠬᠤᠶᠢᠲᠤ ᠶᠢᠨ ᠭᠤᠷᠪᠠᠨ ᠮᠤᠵᠢ ᠶᠢᠨ ᠡᠯ᠎ᠡ ᠭᠠᠵᠠᠷ ᠤᠨ ᠬᠤᠳᠠ ᠳᠤ ᠭᠦᠨᠵᠡᠭᠡᠶᠢᠷᠡᠨ ᠠᠷᠠᠯᠵᠢᠶᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ︾ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠪᠠᠶᠢᠴᠠᠭᠠᠨ ᠦᠵᠡᠵᠦ ᠴᠡᠭᠴᠡᠯᠡᠨ ᠵᠠᠰᠠᠬᠤ ᠭᠤᠭᠴᠤᠭ᠎ᠠ ᠶᠢᠨ ᠠᠵᠢᠯ ᠵᠢᠴᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠦᠨᠳᠦᠰᠦᠲᠡᠨ ᠤ ᠠᠵᠢᠯ ᠤᠨ ᠬᠠᠷᠢᠭᠤ ᠮᠡᠳᠡᠭᠦᠯᠦᠯᠲᠡ ᠳᠤ᠂ ᠵᠠᠰᠠᠭ ᠤᠨ ᠣᠷᠳᠣᠨ ᠤ ᠰᠢᠰᠲ᠋ᠧᠮ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠢ ᠴᠢᠩᠭ᠎ᠠ ᠠᠳᠬᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠤᠳᠤᠷᠢᠳᠤᠯᠭ᠎ᠠ ᠶᠢ ᠠᠵᠢᠯ ᠤᠨ ᠪᠥᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠰᠡᠳᠬᠢᠯ ᠨᠢᠭᠡᠳᠦᠨ ᠬᠥᠭᠵᠢᠯᠲᠡ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠦᠵᠡᠯ ᠰᠠᠨᠠᠭ᠎ᠠ ᠲᠠᠨᠢᠯᠲᠠ ᠪᠠᠨ ᠰᠤᠯᠠᠷᠠᠭᠤᠯᠬᠤ ᠦᠭᠡᠢ᠂ ᠰᠤᠷᠤᠯᠴᠠᠯᠭ᠎ᠠ ᠬᠥᠮᠦᠵᠢᠯ ᠢ ᠳᠠᠰᠤᠷᠠᠯᠳᠠ ᠦᠭᠡᠢ ᠳᠠᠩᠰᠠᠯᠠᠭᠤᠯᠵᠤ᠂ ᠪᠠᠶᠢᠴᠠᠭᠠᠨ ᠦᠵᠡᠵᠦ ᠴᠡᠭᠴᠡᠯᠡᠨ ᠵᠠᠰᠠᠬᠤ ᠶᠢ ᠰᠤᠯᠠᠷᠠᠭᠤᠯᠬᠤ ᠦᠭᠡᠢ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠢᠯᠳᠠᠷ ᠬᠠᠶᠠᠬᠤ ᠦᠭᠡᠢ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠳᠤ ᠰᠤᠯᠠᠷᠠᠭᠤᠯᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ ᠨᠠᠷᠠᠲᠤ ᠲᠥᠷᠥᠯ ᠲᠡᠮᠳᠡᠭᠲᠦ ᠶᠢᠨ ᠶᠠᠰᠤ ᠴᠢᠨᠠᠷ ᠢ ᠬᠠᠮᠠᠭᠠᠯᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠮᠤᠷ ᠲᠦᠪᠰᠢᠨ ᠢ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ