11 ᠰᠠᠷ᠎ᠠ ᠶᠢᠨ 17 ᠤ ᠡᠳᠦᠷ᠂ ᠬᠤᠰᠢᠭᠤᠨ ᠤ ᠬᠠᠥᠯᠢ ᠶᠢᠨ ᠰᠣᠳᠣᠯᠣᠯ ᠤᠨ ᠡᠪᠯᠡᠯ ᠤᠨ ᠬᠤᠶᠠᠳᠤᠭᠠᠷ ᠤᠳᠠᠭᠠᠨ ᠤ ᠭᠡᠰᠢᠭᠦᠳ ᠤᠨ ᠲᠦᠯᠦᠭᠡᠯᠡᠭᠴᠢᠳ ᠤᠨ | ᠶᠡᠭᠡ ᠬᠤᠷᠠᠯ ᠨᠠᠮ ᠵᠠᠰᠠᠭ ᠤᠨ ᠠᠵᠢᠯᠯᠠᠬᠤ ᠠᠰᠠᠷ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠤᠯᠤᠰ ᠲᠦᠷᠥ ᠬᠠᠥᠯᠢ ᠴᠠᠭᠠᠵᠠ ᠶᠢᠨ ᠵᠥᠪᠯᠡᠯ ᠤᠨ ᠱᠦᠵᠢ ᠲᠢᠶᠠᠨ ᠹᠧᠩ ᠯᠢᠨ ᠵᠢᠴᠢ ᠬᠤᠰᠢᠭᠤᠨ ᠤ ᠬᠠᠥᠯᠢ ᠶᠢᠨ ᠰᠣᠳᠣᠯᠣᠯ ᠤᠨ ᠡᠪᠯᠡᠯ ᠤᠨ | 69 ᠭᠡᠰᠢᠭᠦᠨ ᠲᠦᠯᠦᠭᠡᠯᠡᠭᠴᠢ ᠬᠤᠷᠠᠯ ᠳᠤ ᠣᠷᠣᠯᠴᠠᠪᠠ᠃ | | | | ᠬᠤᠷᠠᠯ ᠳᠤ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠥᠯᠢ ᠶᠢᠨ ᠰᠣᠳᠣᠯᠣᠯ ᠤᠨ ᠡᠪᠯᠡᠯ ᠤᠨ ᠨᠢᠭᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠤᠨ | ᠬᠤᠷᠠᠯ ᠤᠨ ᠠᠵᠢᠯ ᠤᠨ ᠢᠯᠡᠳᠬᠡᠯ︾ ᠢ ᠰᠣᠨᠣᠰᠴᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠥᠯᠢ ᠶᠢᠨ ᠰᠣᠳᠣᠯᠣᠯ ᠤᠨ ᠡᠪᠯᠡᠯ ᠤᠨ ᠬᠤᠶᠠᠳᠤᠭᠠᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ ᠶᠢ ᠰᠣᠩᠭᠤᠨ ᠭᠠᠷᠭᠠᠪᠠ᠃ | ᠲᠢᠶᠠᠨ ᠹᠧᠩ ᠯᠢᠨ᠂ ᠬᠤᠰᠢᠭᠤᠨ ᠤ ᠬᠠᠥᠯᠢ ᠶᠢᠨ ᠰᠣᠳᠣᠯᠣᠯ ᠤᠨ ᠡᠪᠯᠡᠯ ᠤᠯᠤᠰ ᠲᠦᠷᠥ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠪᠦᠬᠦ ᠲᠠᠯ᠎ᠠ ᠶᠢᠨ ᠵᠣᠭᠰᠣᠴᠠ ᠠᠴᠠ ᠬᠠᠥᠯᠢ ᠶᠢᠨ ᠰᠣᠳᠣᠯᠣᠯ ᠤᠨ ᠡᠪᠯᠡᠯ ᠤᠨ ᠨᠢᠭᠡᠳᠦᠯᠲᠡᠢ ᠲᠦᠯᠦᠪᠵᠢᠭᠦᠯᠬᠦ ᠪᠠ ᠵᠣᠬᠢᠶᠠᠨ ᠪᠠᠶᠢᠭᠤᠯᠤᠯᠲᠠ ᠶᠢᠨ ᠳᠠᠭᠠᠭᠤᠯᠬᠤ | ᠦᠢᠯᠡᠳᠦᠯ ᠢ ᠴᠢᠩᠭᠠᠳᠬᠠᠵᠤ᠂ ᠬᠠᠥᠯᠢ ᠶᠢᠨ ᠰᠣᠳᠣᠯᠣᠯ ᠤᠨ ᠡᠪᠯᠡᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠰᠢᠨ᠎ᠡ | ᠪᠠᠷᠭᠤ ᠪᠠᠷᠠᠭᠤᠨ ᠬᠤᠰᠢᠭᠤᠨ ᠤ ︽ᠲᠤᠰᠬᠠᠢ ᠮᠡᠷᠭᠡᠵᠢᠯᠲᠡᠳ ᠤᠨ ᠬᠦᠮᠦᠷᠭᠡ︾ ᠪᠠ ︽ᠶᠠᠷᠢᠯᠴᠠᠭᠠᠨ ᠤ ᠲᠠᠪᠴᠠᠩ ᠤᠨ ᠴᠢᠳᠠᠪᠤᠷᠢᠲᠠᠨ ᠤ ᠬᠦᠮᠦᠷᠭᠡ︾ ᠶᠢᠨ | ᠪᠠᠶᠢᠭᠤᠯᠤᠯᠲᠠ ᠶᠢ ᠴᠢᠩᠭᠠᠳᠬᠠᠵᠤ ᠳᠦᠷᠢᠮᠵᠢᠭᠰᠡᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠦᠷᠨᠢᠭᠦᠯᠵᠦ᠂ ᠨᠡᠩ ᠦᠨᠳᠦᠷ ᠬᠢᠷᠢ ᠲᠦᠪᠰᠢᠨ ᠲᠠᠢ ᠠᠮᠤᠷ | ᠲᠦᠪᠰᠢᠨ ᠰᠢᠨ᠎ᠡ ᠪᠠᠷᠭᠤ ᠪᠠᠷᠠᠭᠤᠨ ᠬᠤᠰᠢᠭᠤ᠂ ᠬᠠᠥᠯᠢ ᠪᠠᠷ ᠵᠠᠰᠠᠬᠤ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | |