ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠪᠤᠴᠠᠭᠠᠨ ᠠᠪᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2023/11/21
ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠠᠯᠭᠠᠰᠤ ᠶᠢᠨ ᠤᠷᠵᠢᠨ ᠤ ᠭᠤᠷᠪᠠᠳᠤᠭᠠᠷ ᠦᠢᠯᠡᠳᠪᠦᠷᠢᠯᠡᠯ ᠤᠨ ᠪᠠᠷᠢᠭᠠᠳᠠ ᠳᠤ᠄       ᠳᠤᠮᠳᠠᠳᠤ ᠤᠯᠤᠰ ᠤᠨ ᠬᠤᠸᠠᠩ ᠶᠢᠨ ᠪᠦᠯᠦᠭᠯᠡᠯ ᠤᠨ ᠥᠪᠥᠷ ᠮᠣᠩᠭᠤᠯ ᠤᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠦᠨᠡᠭᠡᠲᠦ ᠠᠭᠤᠯᠠ ᠶᠢᠨ ᠵᠡᠰ ᠮᠤᠯᠢᠪᠳᠧᠨ ᠤ ᠠᠭᠤᠷᠬᠠᠢ ᠶᠢᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠳᠤ ᠬᠡᠷᠡᠭᠯᠡᠬᠦ ᠭᠠᠵᠠᠷ ᠨᠢ ᠲᠠᠨ ᠤ ᠦᠢᠯᠡᠳᠪᠦᠷᠢᠯᠡᠯ ᠤᠨ ᠪᠠᠷᠢᠭᠠᠳᠠ ᠶᠢᠨ ᠬᠡᠷᠡᠭᠯᠡᠵᠦ ᠪᠠᠶᠢᠭ᠎ᠠ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ 65.3744 ᠾᠧᠺᠲ᠋ᠠᠷ ᠲᠤ ᠬᠤᠯᠪᠣᠭᠳᠠᠵᠤ᠂ ᠡᠭᠦᠨ ᠳᠤ᠄ ᠲᠠᠷᠢᠶᠠᠯᠠᠩ ᠳᠤ ᠬᠡᠷᠡᠭᠯᠡᠬᠦ ᠭᠠᠵᠠᠷ 64.7497 ᠾᠧᠺᠲ᠋ᠠᠷ ︵ᠪᠠᠶᠢᠭᠠᠯᠢ ᠶᠢᠨ ᠪᠡᠯᠴᠢᠭᠡᠷ 64.7497 ᠾᠧᠺᠲ᠋ᠠᠷ︶᠂ ᠠᠰᠢᠭᠯᠠᠭᠠᠳᠤᠢ ᠭᠠᠵᠠᠷ 0.6247 ᠾᠧᠺᠲ᠋ᠠᠷ ︵ᠪᠤᠰᠤᠳ ᠪᠡᠯᠴᠢᠭᠡᠷ 0.6247 ᠾᠧᠺᠲ᠋ᠠᠷ︶ ᠪᠠᠶᠢᠨ᠎ᠠ᠃ ᠳᠡᠭᠡᠷ᠎ᠡ ᠳᠤᠷᠠᠳᠤᠭᠰᠠᠨ ᠵᠦᠢᠯᠡᠰ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠎ ᠶᠢᠨ ᠲᠠᠪᠢᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠲᠠᠨ ᠤ ᠦᠢᠯᠡᠳᠪᠦᠷᠢᠯᠡᠯ ᠤᠨ ᠪᠠᠷᠢᠭᠠᠳᠠ ᠶᠢᠨ ᠳᠡᠭᠡᠷ᠎ᠡ ᠳᠤᠷᠠᠳᠤᠭᠰᠠᠨ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ 65.3744 ᠾᠧᠺᠲ᠋ᠠᠷ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠪᠤᠴᠠᠭᠠᠨ ᠠᠪᠬᠤ ᠪᠠᠷ ᠲᠣᠭᠲᠠᠪᠠ᠃ ᠬᠡᠷᠪᠡ ᠲᠣᠰ ᠲᠣᠭᠲᠠᠭᠠᠯ ᠢ ᠵᠥᠪᠰᠢᠶᠡᠷᠡᠬᠦ ᠦᠭᠡᠢ ᠪᠣᠯ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠤ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠤ ᠵᠠᠰᠠᠭ ᠵᠠᠬᠢᠷᠭᠠᠨ ᠤ ᠵᠠᠷᠭᠤ ᠬᠢᠬᠦ ᠪᠠᠷ ᠳᠡᠪᠰᠢᠭᠦᠯᠵᠦ ᠪᠣᠯᠣᠨ᠎ᠠ᠃                              2023 ᠣᠨ ᠤ 11 ᠰᠠᠷ᠎ᠠ ᠶᠢᠨ 20᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ