ᠣᠶᠢᠷ᠎ᠠ ᠳᠤ᠂ ᠴᠢᠩᠳᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠷᠦᠬᠡ ᠠᠮᠠ ᠶᠢᠨ ᠲᠠᠩᠰᠠ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ | ᠴᠢᠨᠠᠬᠰᠢᠳᠠ ᠭᠦᠨᠵᠡᠭᠡᠶᠢᠷᠡᠭᠦᠯᠬᠦ ᠲᠤᠬᠠᠶ ᠮᠡᠳᠡᠭᠳᠡᠯ ᠨᠡᠶᠢᠲᠡᠯᠡᠵᠦ᠂ ᠣᠷᠣᠰᠢᠨ ᠰᠠᠭᠤᠵᠤ ᠡᠷᠦᠬᠡ ᠠᠮᠠ ᠣᠷᠣᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠠᠭᠤᠵᠢᠭᠤ ᠲᠠᠯᠪᠢᠪᠠ᠃ | ᠮᠡᠳᠡᠭᠳᠡᠯ ᠳᠤ᠂ ᠬᠤᠲᠠ ᠪᠠᠯᠭᠠᠰᠤᠨ ᠳᠤ ᠬᠡᠷ ᠪᠠᠶᠢᠰᠢᠩ ᠲᠦᠷᠢᠶᠡᠰᠦᠯᠡᠨ ᠰᠠᠭᠤᠵᠤ ᠪᠠᠶᠢᠭ᠎ᠠ ᠪᠥᠭᠡᠳ ᠲᠦᠷᠢᠶᠡᠰᠦᠯᠡᠬᠦ ᠭᠡᠷ᠎ᠡ ᠲᠤᠬᠳᠠᠵᠤ ᠳᠠᠩᠰᠠᠯᠠᠭᠤᠯᠤᠬᠰᠠᠨ | ᠪᠠ ᠣᠷᠣᠰᠢᠨ ᠰᠠᠭᠤᠬᠤ ᠳᠠᠩᠰᠠᠯᠠᠭᠤᠯᠤᠯᠳᠠ ᠬᠢᠯᠭᠡᠭᠰᠡᠨ ᠬᠥᠮᠦᠨ᠂ ᠲᠣᠰ ᠬᠥᠮᠦᠨ ᠵᠢᠴᠢ ᠦᠪᠡᠷ ᠤᠨ ᠬᠤᠯᠪᠤᠰᠤ ᠨᠢ ᠴᠢᠩᠳᠣᠤ ᠳᠤ ᠬᠠᠤᠯᠢ ᠶᠣᠰᠣᠨ ᠤ ᠥᠮᠴᠢᠯᠡᠬᠦ | ᠡᠷᠬᠡ ᠲᠠᠢ ᠬᠡᠷ ᠪᠠᠶᠢᠰᠢᠩ ᠪᠠᠶᠢᠬᠤ ᠦᠭᠡᠢ ᠪᠤᠯ᠂ ᠬᠡᠷ ᠪᠠᠶᠢᠰᠢᠩ ᠲᠦᠷᠢᠶᠡᠰᠦᠯᠡᠭᠰᠡᠨ ᠬᠤᠭᠤᠴᠠᠭᠠᠨ ᠳᠠᠭᠠᠨ ᠬᠠᠮᠲᠤ ᠶᠢᠨ ᠡᠷᠦᠬᠡ ᠠᠮᠠ ᠣᠷᠣᠬᠤ ᠪᠠᠷ ᠭᠤᠶᠤᠴᠢᠯᠠᠵᠤ | ᠪᠣᠯᠤᠨ᠎ᠠ᠃ | ᠨᠢᠭᠡ᠂ ᠴᠢᠳᠠᠪᠤᠷᠢᠲᠠᠨ ᠤ ᠡᠷᠦᠬᠡ ᠠᠮᠠ ᠣᠷᠣᠬᠤ ᠬᠡᠪᠴᠢᠶ᠎ᠡ ᠶᠢ ᠤᠯᠠᠮ ᠴᠢᠨᠠᠬᠰᠢᠳᠠ ᠥᠷᠭᠡᠳᠬᠡᠨ᠎ᠡ | ᠬᠤᠶᠠᠷ᠂ ᠣᠷᠣᠰᠢᠨ ᠰᠠᠭᠤᠵᠤ ᠡᠷᠦᠬᠡ ᠠᠮᠠ ᠣᠷᠣᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠠᠭᠤᠵᠢᠭᠤ ᠲᠠᠯᠪᠢᠨ᠎ᠠ | ᠭᠤᠷᠪᠠ᠂ ᠲᠥᠷᠥᠯ ᠰᠠᠳᠤᠨ ᠢᠶᠠᠨ ᠲᠦᠰᠢᠵᠦ ᠡᠷᠦᠬᠡ ᠠᠮᠠ ᠣᠷᠣᠭᠤᠯᠬᠤ ᠠᠷᠭ᠎ᠠ ᠵᠠᠮ ᠢ ᠥᠷᠭᠡᠳᠬᠡᠨ᠎ᠡ | ᠳᠥᠷᠪᠡ᠂ ᠲᠣᠭᠲᠠᠭᠤᠨ ᠢᠶᠠᠷ ᠠᠵᠢᠯ ᠣᠯᠭᠤᠵᠤ ᠡᠷᠦᠬᠡ ᠠᠮᠠ ᠣᠷᠣᠭᠤᠯᠬᠤ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ | ᠲᠠᠪᠤ᠂ ᠪᠠᠯᠠ ᠣᠷᠣᠭᠤᠯᠵᠤ ᠦᠢᠯᠡᠰ ᠪᠤᠰᠬᠠᠬᠤ ᠪᠠᠷ ᠡᠷᠦᠬᠡ ᠠᠮᠠ ᠣᠷᠣᠭᠤᠯᠬᠤ ᠶᠢ ᠵᠣᠷᠢᠭᠵᠢᠭᠤᠯᠤᠨ᠎ᠠ | ᠵᠢᠷᠭᠤᠭ᠎ᠠ᠂ ᠦᠢᠯᠡᠴᠢᠯᠡᠭᠡᠨ ᠤ ᠪᠠᠲᠤᠯᠠᠭ᠎ᠠ ᠶᠢ ᠲᠡᠭᠦᠯᠳᠡᠷᠵᠢᠭᠦᠯᠦᠨ᠎ᠡ ᠭᠡᠵᠦ ᠲᠤᠬᠳᠠᠭᠠᠪᠠ᠃ |