ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ ᠶᠢᠨ 17 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠤᠯᠤᠰ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠬᠦᠡᠭᠭᠡᠵᠢᠯᠳᠡ ᠶᠢᠨ ᠠᠨᠠᠭᠠᠬᠤ ᠤᠬᠠᠭᠠᠨ ᠤ ᠭᠡᠷᠡᠴᠢ ᠶᠢᠨ ᠬᠠᠮᠢᠶᠠᠷᠤᠯᠲᠠ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠢᠶ᠎ᠠ ᠪᠥᠬᠦᠶ ᠭᠠᠵᠠᠷ ᠣᠷᠣᠨ ᠤ ᠬᠦᠡᠭᠭᠡᠵᠢᠯᠳᠡ ᠶᠢᠨ ᠠᠨᠠᠭᠠᠬᠤ ᠤᠬᠠᠭᠠᠨ ᠤ ᠭᠡᠷᠡᠴᠢ ᠶᠢ ᠫᠠᠨᠽᠠᠯᠠᠨ ᠬᠤᠳᠠᠯᠳᠤᠬᠰᠠᠨ | ᠵᠡᠷᠭᠡ ᠬᠤᠯᠪᠣᠭᠳᠠᠯ ᠪᠥᠬᠦᠶ ᠠᠰᠠᠭᠤᠳᠠᠯ ᠢ ᠫᠠᠶᠢᠰᠠ ᠡᠯᠭᠦᠨ ᠰᠢᠪᠠᠳᠠᠨ ᠰᠢᠢᠳᠪᠦᠷᠢᠯᠡᠵᠦ ᠪᠠᠶᠢᠬᠤ ᠪᠦᠭᠡᠳ ᠨᠢᠭᠡᠨᠲᠡ ᠬᠤᠪᠸᠢ ᠶᠢᠨ ᠰᠢᠶᠠᠩᠶᠠᠩ᠂ ᠭᠤᠸᠠᠩᠳᠦ᠋ᠩ ᠤᠨ | ᠹᠦᠸᠧᠱᠠᠨ᠂ ᠭᠤᠸᠠᠩᠰᠢ ᠶᠢᠨ ᠨᠠᠨᠨᠢᠩ ᠵᠡᠷᠭᠡ ᠭᠠᠵᠠᠷ ᠲᠤ ᠰᠢᠪᠠᠳᠠᠨ ᠵᠢᠯᠣᠭᠤᠳᠬᠤ ᠳᠤᠭᠤᠶᠢᠯᠠᠩ ᠨᠢᠭᠡᠨᠲᠡ ᠲᠣᠮᠢᠯᠠᠵᠤ᠂ ᠣᠷᠣᠨ ᠨᠤᠲᠤᠭ ᠤᠨ ᠭᠦᠨᠵᠡᠭᠡᠶ | ᠠᠭᠤᠳᠠᠯᠤᠨ ᠲᠦᠢᠯᠪᠤᠷᠢᠲᠠᠶ ᠪᠠᠶᠢᠴᠠᠭᠠᠬᠤ᠂ ᠨᠡᠶᠢᠭᠡᠮ ᠤᠨ ᠠᠩᠬᠠᠷᠤᠯ ᠳᠤ ᠬᠠᠷᠢᠭᠤ ᠦᠭᠭᠦ᠂ ᠬᠤᠯᠪᠣᠭᠳᠠᠯ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠬᠦ ᠠᠵᠢᠯ ᠢ ᠰᠢᠪᠠᠳᠠᠨ | ᠵᠢᠯᠣᠭᠤᠳᠴᠤ ᠪᠠᠶᠢᠨ᠎ᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠬᠡᠦᠬᠡᠳ ᠤᠨ ᠡᠷᠬᠡ ᠠᠰᠢᠭ ᠢ ᠬᠤᠬᠢᠷᠠᠭᠤᠯᠤᠭᠰᠠᠨ᠂ ᠣᠯᠠᠨ ᠲᠦᠮᠡᠨ ᠤ ᠠᠰᠢᠭ | ᠲᠤᠰᠠ ᠶᠢ ᠬᠤᠬᠢᠷᠠᠭᠤᠯᠤᠭᠰᠠᠨ᠂ ᠡᠮᠴᠢᠯᠡᠭᠡᠨ ᠤ ᠬᠡᠪ ᠤᠨ ᠡᠮᠬᠢ ᠵᠢᠷᠤᠮ ᠢ ᠰᠠᠮᠠᠭᠤᠷᠠᠭᠤᠯᠤᠭᠰᠠᠨ᠂ ᠢᠯᠠᠩᠭᠤᠶ᠎ᠠ ᠬᠦᠡᠭᠭᠡᠵᠢᠯᠳᠡ ᠶᠢᠨ ᠠᠨᠠᠭᠠᠬᠤ ᠤᠬᠠᠭᠠᠨ ᠤ | ᠭᠡᠷᠡᠴᠢ ᠶᠢ ᠬᠠᠭᠤᠷᠮᠠᠭᠯᠠᠨ ᠵᠣᠬᠢᠶᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠴᠦᠬᠡᠨ ᠴᠦ ᠢᠯᠳᠠᠷ ᠬᠠᠶᠠᠬᠤ ᠥᠬᠡᠶ᠂ ᠨᠢᠭᠡ ᠶᠢ ᠢᠯᠡᠷᠡᠭᠦᠯᠪᠡᠯ | ᠵᠭᠡ ᠶᠢ ᠪᠠᠶᠢᠴᠠᠭᠠᠨ ᠰᠢᠢᠳᠪᠦᠷᠢᠯᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠠᠢ ᠢᠳᠡᠪᠬᠢᠲᠡᠶ ᠬᠠᠮᠵᠢᠯᠴᠠᠨ ᠳᠦᠷᠦᠯᠲᠡ ᠶᠢᠨ ᠠᠨᠠᠭᠠᠬᠤ ᠤᠬᠠᠭᠠᠨ ᠤ | ᠭᠡᠷᠡᠴᠢ ᠶᠢ ᠰᠠᠷᠢᠭᠠᠯᠠᠨ ᠬᠤᠳᠠᠯᠳᠤᠭᠠᠯᠠᠬᠤ ᠵᠡᠷᠭᠡ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠬᠡᠷᠡᠭ ᠲᠤ ᠬᠤᠯᠪᠣᠭᠳᠠᠭᠰᠠᠨ ᠡᠮᠨᠡᠯᠭᠡ ᠶᠢᠨ ᠠᠵᠢᠯᠲᠠᠨ ᠢ ᠬᠠᠤᠯᠢ | ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠬᠠᠮᠢᠶ᠎ᠠ ᠪᠦᠬᠦᠢ ᠰᠦᠪᠡᠭᠴᠢ ᠶᠢ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠪᠡ᠃ |