ᠰᠢᠨ᠎ᠡ ᠪᠠᠷᠭᠤ ᠪᠠᠷᠠᠭᠤᠨ ᠬᠤᠰᠢᠭᠤᠨ ᠤ ᠡᠪᠦᠯ ᠤᠨ ᠤᠯᠠᠷᠢᠯ ᠤᠨ ᠮᠥᠰᠥ ᠴᠠᠰᠤᠨ ᠤ ᠨᠠᠭᠠᠳᠤᠮ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/11/21
      11 ᠰᠠᠷ᠎ᠠ ᠶᠢᠨ 20 ᠤ ᠡᠳᠦᠷ᠂ 2023 ᠣᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠡᠪᠦᠯ ᠤᠨ ᠤᠯᠠᠷᠢᠯ ᠤᠨ ᠮᠥᠰᠥ ᠴᠠᠰᠤᠨ ᠤ ᠨᠠᠭᠠᠳᠤᠮ ᠤᠨ ᠡᠬᠢᠯᠡᠯᠲᠡ ᠶᠢᠨ ᠶᠣᠰᠣᠯᠠᠯ ᠵᠢᠴᠢ ᠬᠡᠭᠡᠷᠡᠯᠡᠨ ᠭᠦᠶᠦᠬᠦ ᠤᠷᠤᠯᠳᠤᠭᠠᠨ ᠰᠡᠭᠡᠭᠡᠲᠡᠨ ᠠᠭᠤᠳᠠᠮ ᠲᠠᠯᠠᠪᠠᠶ ᠳᠤ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠠᠮᠢᠯᠠᠯ᠂ ᠤᠯᠠᠭᠠᠨᠲᠤᠶᠠᠭ᠎ᠠ᠂ ᠮᠠᠨᠳᠤᠯ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠨᠡᠶᠢᠭᠡᠮ ᠤᠨ ᠪᠦᠯᠬᠦᠮ ᠤᠨ ᠭᠦᠶᠦᠯᠲᠡ ᠳᠤ ᠪᠠᠭ᠋ᠠᠲᠠᠢ ᠬᠥᠮᠥᠰ ᠵᠢᠴᠢ ᠰᠤᠷᠤᠭᠴᠢᠳ ᠪᠠ ᠲᠠᠮᠢᠷᠴᠢᠳ ᠵᠠᠭᠤ ᠭᠠᠷᠤᠢ ᠬᠥᠮᠥᠨ ᠤᠷᠤᠯᠳᠤᠭᠠᠨ ᠳᠤ ᠣᠷᠣᠯᠴᠠᠪᠠ᠃
11.21越野赛1.jpg
      ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠤᠯᠠᠭᠠᠨᠲᠤᠶᠠᠭ᠎ᠠ ᠡᠬᠢᠯᠡᠯᠲᠡ ᠶᠢᠨ ᠶᠣᠰᠣᠯᠠᠯ ᠳᠤ ᠪᠠᠶᠠᠷ ᠤᠨ ᠦᠭᠡ ᠬᠡᠯᠡᠵᠦ᠂ ᠬᠢᠨᠠᠭᠴᠢ᠂ ᠲᠠᠮᠢᠷᠴᠢᠨ ᠤ ᠲᠥᠯᠥᠭᠡᠯᠡᠭᠴᠢ ᠲᠤᠰ ᠲᠤᠰ ᠲᠠᠩᠭᠠᠷᠢᠭᠯᠠᠪᠠ᠃       ᠳᠣᠬᠢᠶᠠᠨ ᠤ ᠫᠤᠤ ᠶᠢᠨ ᠳᠠᠭᠤᠨ ᠢ ᠳᠠᠭᠠᠯᠳᠤᠨ᠂ ᠤᠷᠤᠯᠳᠤᠭᠠᠨ ᠳᠤ ᠣᠷᠣᠯᠴᠠᠭᠰᠠᠨ ᠵᠠᠭᠤ ᠭᠠᠷᠤᠢ ᠲᠠᠮᠢᠷᠴᠢᠨ ᠬᠡᠭᠡᠷᠡᠯᠡᠨ ᠭᠦᠶᠦᠬᠦ ᠠᠶᠠᠯᠠᠯ ᠢᠶᠠᠨ ᠡᠬᠢᠯᠡᠭᠦᠯᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠬᠡᠭᠡᠷᠡᠯᠡᠨ ᠭᠦᠶᠦᠬᠦ ᠤᠷᠤᠯᠳᠤᠭᠠᠨ ᠤ ᠡᠬᠢᠯᠡᠯᠲᠡ ᠶᠢᠨ ᠴᠡᠭ ᠢ ᠰᠡᠭᠡᠭᠡᠲᠡᠨ ᠠᠭᠤᠳᠠᠮ ᠲᠠᠯᠠᠪᠠᠶ ᠳᠤ ᠲᠣᠬᠢᠷᠠᠭᠤᠯᠵᠤ᠂ ᠤᠷᠤᠯᠳᠤᠭᠠᠨ ᠤ ᠵᠠᠢ ᠨᠢ ᠡᠷᠡᠭᠲᠡᠢ ᠶᠢᠨ ᠳᠤᠭᠤᠶᠢᠯᠠᠩ 10 ᠺᠢᠯᠣᠮᠧᠲᠷ᠂ ᠡᠮᠡᠭᠲᠡᠢ ᠶᠢᠨ ᠳᠤᠭᠤᠶᠢᠯᠠᠩ ᠪᠠ ᠵᠠᠯᠠᠭᠤᠴᠤᠳ ᠤᠨ ᠳᠤᠭᠤᠶᠢᠯᠠᠩ 5 ᠺᠢᠯᠣᠮᠧᠲᠷ ᠪᠣᠯᠣᠨ᠎ᠠ᠃ ᠬᠠᠬᠢᠷ ᠬᠦᠢᠲᠡᠨ ᠠᠭᠤᠷ ᠠᠮᠢᠰᠬᠤᠯ ᠨᠢ ᠬᠤᠯᠠ ᠭᠦᠶᠦᠯᠲᠡ ᠳᠤ ᠪᠠᠭ᠋ᠠᠲᠠᠢ ᠬᠥᠮᠥᠰ ᠲᠤ ᠲᠠᠮᠢᠷ ᠲᠡᠩᠬᠡᠭᠡ᠂ ᠰᠥᠰᠥ ᠵᠣᠷᠢᠭ ᠤᠨ ᠲᠠᠯ᠎ᠠ ᠪᠠᠷ ᠶᠡᠭᠡ ᠥᠷᠢᠰᠦᠯᠳᠦᠭᠡᠨ ᠤᠴᠠᠷᠠᠭᠤᠯᠵᠤ᠂ ᠥᠪᠡᠷ ᠤᠨ ᠲᠠᠮᠢᠷ ᠲᠡᠩᠬᠡᠭᠡ ᠶᠢᠨ ᠢᠶᠠᠨ ᠲᠤᠶᠢᠯ ᠢ ᠳᠠᠪᠠᠭ᠋ᠤ ᠶᠢᠨ ᠬᠠᠮᠲᠤ ᠮᠥᠰᠥ ᠴᠠᠰᠤᠨ ᠤ ᠶᠢᠷᠲᠢᠨᠴᠦ ᠳᠤ ᠬᠡᠭᠡᠷᠡᠯᠡᠨ ᠭᠦᠶᠦᠬᠦ ᠶᠢᠨ ᠬᠢᠵᠠᠭᠠᠯᠠᠰᠢ ᠦᠭᠡᠢ ᠪᠠᠶᠠᠷ ᠪᠠᠭ᠋ᠠᠳᠤᠯ ᠢ ᠨᠠᠩ ᠢᠯᠡᠭᠦᠦ ᠮᠡᠳᠡᠷᠡᠭᠦᠯᠦᠭᠰᠡᠨ ᠪᠠᠶᠢᠨ᠎ᠠ᠃
11.21越野赛2.jpg
      ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠪᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ︽ᠪᠡᠶ᠎ᠡ ᠶᠢᠨ ᠲᠠᠮᠢᠷ +ᠵᠢᠭᠤᠯᠴᠢᠯᠠᠯ︾ ᠢᠶᠠᠷ ᠭᠠᠷᠳᠠᠬᠤ ᠴᠡᠭ ᠪᠣᠯᠭᠠᠵᠤ᠂ ᠤᠷᠤᠯᠳᠤᠭᠠᠨ ᠤ ᠪᠡᠶ᠎ᠡ ᠶᠢᠨ ᠲᠠᠮᠢᠷ ᠪᠠ ᠣᠯᠠᠨ ᠲᠦᠮᠡᠨ ᠤ ᠪᠡᠶ᠎ᠡ ᠶᠢᠨ ᠲᠠᠮᠢᠷ ᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠶᠡᠬᠡᠪᠡᠷ ᠳᠡᠯᠭᠡᠷᠡᠭᠦᠯᠦᠨ ᠲᠦᠭᠡᠮᠡᠯᠵᠢᠭᠦᠯᠵᠦ᠂ ᠮᠥᠰᠥ ᠴᠠᠰᠤᠨ ᠤ ᠤᠷᠤᠯᠳᠤᠭᠠᠨ ᠪᠠ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ ︽ᠬᠦᠢᠲᠡᠨ ᠡᠬᠢ ᠪᠠᠶᠠᠯᠢᠭ︾ ᠲᠤ ᠰᠠᠭᠤᠷᠢᠯᠠᠨ ︽ᠬᠠᠯᠠᠭᠤᠨ ᠠᠵᠤ ᠠᠬᠤᠢ︾ ᠶᠢ ᠬᠥᠭᠵᠢᠭᠡᠨ᠂ ᠮᠠᠨ ᠤ ᠬᠤᠰᠢᠭᠤᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠮᠥᠰᠥ ᠴᠠᠰᠤᠨ ᠳᠤ ᠪᠠᠶᠠᠰᠤᠯᠳᠤᠨ᠂ ᠮᠦᠩᠭᠦᠨ ᠡᠪᠦᠯ ᠢ ᠳᠤᠯᠠᠭᠠᠴᠠᠭᠤᠯᠵᠤ᠂ ︽ᠠᠷᠪᠠᠨ ᠳᠥᠷᠪᠡᠨ ᠡᠪᠦᠯ︾ ᠳᠤ ᠬᠦᠴᠦᠨ ᠨᠡᠮᠡᠷᠢᠯᠡᠬᠦ ᠣᠮᠤᠭ ᠲᠡᠭᠦᠯᠳᠡᠷ ᠰᠡᠳᠬᠢᠯᠭᠡ ᠶᠢ ᠢᠯᠡᠷᠡᠭᠦᠯᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ