ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠴᠠᠭᠠᠰᠤᠨ ᠫᠢᠶᠣᠣ ᠪᠠᠷᠢᠮᠲᠠ ᠶᠢ ᠬᠠᠷᠭᠤᠭᠤᠯᠤᠨ ᠬᠠᠰᠤᠬᠤ ᠠᠵᠢᠯ ᠢ ᠢᠳᠡᠪᠬᠢᠲᠡᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2023/11/21
      ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠡᠯᠧᠺᠲ᠋ᠣᠷᠣᠨᠴᠢᠯᠠᠭᠰᠠᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠂ ᠬᠠᠤᠯᠢ ᠲᠣᠭᠲᠠᠭᠠᠯ ᠶᠣᠰᠣᠭᠠᠷ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠠᠮᠤᠷ ᠲᠦᠪᠰᠢᠨ ᠵᠢᠷᠤᠮᠵᠢᠯ ᠲᠠᠢ᠂ ᠢᠯᠡ ᠲᠣᠳᠣ᠂ ᠥᠨᠳᠥᠷ ᠪᠦᠲᠦᠮᠵᠢᠲᠡᠶ ᠠᠷᠠᠳ ᠲᠤ ᠲᠥᠬᠦᠮ ᠦᠵᠡᠭᠦᠯᠬᠦ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠰᠢᠰᠲ᠋ᠧᠮ ᠢ ᠴᠢᠷᠮᠠᠶᠢᠨ ᠪᠠᠶᠢᠭᠤᠯᠬᠤ ᠶᠢᠨ ᠲᠦᠯᠦᠭᠡ᠂ ᠮᠠᠨ ᠤ ᠬᠤᠰᠢᠭᠤᠨ ᠤ ᠡᠯ᠎ᠡ ᠣᠷᠣᠯᠭ᠎ᠠ ᠭᠦᠢᠴᠡᠳᠬᠡᠬᠦ ᠨᠢᠭᠡᠴᠡ ᠶᠢᠨ ᠡᠳ᠋ ᠤᠨ ᠵᠠᠰᠠᠭ ᠤᠨ ᠡᠯᠧᠺᠲᠷᠣᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 2023 ᠣᠨ ᠤ 1 ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ ᠡᠯ᠎ᠡ ᠣᠷᠣᠯᠭ᠎ᠠ ᠭᠦᠢᠴᠡᠳᠬᠡᠬᠦ ᠨᠢᠭᠡᠴᠡ ᠶᠢᠨ ᠴᠠᠭᠠᠰᠤᠨ ᠫᠢᠶᠣᠣ ᠪᠠᠷᠢᠮᠲᠠ ᠶᠢ ᠪᠥᠬᠦ ᠲᠠᠯ᠎ᠠ ᠪᠠᠷ ᠢᠯᠭᠠᠷᠠᠭᠤᠯᠤᠨ ᠳᠢᠭᠯᠡᠵᠦ᠂ ᠡᠳ᠋ ᠤᠨ ᠵᠠᠰᠠᠭ ᠤᠨ ᠴᠠᠭᠠᠰᠤᠨ ᠫᠢᠶᠣᠣ ᠪᠠᠷᠢᠮᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠷ ᠲᠡᠦᠬᠡ ᠶᠢᠨ ᠲᠠᠪᠴᠠᠩ ᠠᠴᠠ ᠤᠬᠤᠷᠢᠨ ᠭᠠᠷᠬᠤ ᠶᠢ ᠦᠨᠡᠨ ᠬᠦ ᠪᠠᠲᠤᠯᠠᠪᠠ᠃       ᠲᠤᠰ ᠤᠳᠠᠭ᠎ᠠ ᠴᠠᠭᠠᠰᠤᠨ ᠫᠢᠶᠣᠣ ᠪᠠᠷᠢᠮᠲᠠ ᠶᠢ ᠨᠡᠶᠢᠳᠠ 9977 ᠬᠤᠪᠢ ᠢᠯᠭᠠᠷᠠᠭᠤᠯᠤᠨ ᠬᠤᠷᠢᠶᠠᠵᠤ ᠠᠪᠤᠪᠠ᠂ ᠡᠭᠦᠨ ᠳᠤ᠄ 7325 ᠬᠤᠪᠢ ᠶᠢ ᠲᠠᠭᠯᠠᠨ ᠬᠡᠷᠡᠭᠯᠡᠵᠦ᠂ 332 ᠬᠤᠪᠢ ᠶᠢ ᠬᠦᠴᠦᠨ ᠦᠭᠡᠢ ᠪᠣᠯᠭᠠᠵᠤ᠂ 6594 ᠬᠤᠪᠢ ᠶᠢ ᠬᠤᠭᠤᠰᠤᠨ ᠦᠯᠡᠳᠡᠭᠡᠵᠦ᠂ ᠵᠣᠭᠤᠰ ᠤᠨ ᠲᠤᠭ᠎ᠠ ᠨᠢ 38028.5 ᠲᠦᠮᠡᠨ ᠲᠥᠭᠦᠷᠢᠭ ᠲᠤ ᠬᠦᠷᠪᠡ᠃ ᠡᠳ᠋ ᠤᠨ ᠵᠠᠰᠠᠭ ᠤᠨ ᠴᠠᠭᠠᠰᠤᠨ ᠫᠢᠶᠣᠣ ᠪᠠᠷᠢᠮᠲᠠ ᠪᠠ ᠡᠯᠧᠺᠲᠷᠣᠨ ᠫᠢᠶᠣᠣ ᠪᠠᠷᠢᠮᠲᠠ ᠶᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ᠂ ᠮᠠᠨ ᠤ ᠬᠤᠰᠢᠭᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠠᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ