ᠬᠤᠷᠰᠢᠶᠠᠵᠢᠯ ᠪᠠ ᠭᠡᠷ ᠪᠦᠯᠢ ᠶᠢᠨ ᠮᠠᠯᠵᠢᠯ ᠤᠨ ᠲᠠᠯᠠᠪᠠᠶ ᠪᠣᠯ ᠣᠲᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠵᠣᠬᠢᠶᠠᠨ | ᠪᠠᠶᠢᠭᠤᠯᠤᠯᠲᠠ ᠶᠢᠨ ᠬᠡᠯᠪᠡᠷᠢ ᠪᠠ ᠭᠤᠣᠯ ᠠᠬᠢᠭᠤᠯᠬᠤ ᠬᠦᠴᠦᠨ ᠪᠣᠯᠣᠨ᠎ᠠ᠂ ᠬᠤᠶᠢᠰᠢᠳᠠ ᠶᠢᠨ ᠣᠲᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ | ᠴᠢᠭᠯᠡᠯ ᠢ ᠲᠥᠯᠥᠭᠡᠯᠡᠵᠦ᠂ ᠬᠤᠷᠰᠢᠶᠠᠵᠢᠯ ᠪᠠ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠪᠠ ᠡᠷᠡᠭᠦᠯ ᠢᠶᠠᠷ ᠬᠥᠭᠵᠢᠬᠦ ᠶᠢ | ᠤᠯᠠᠮ ᠴᠢᠨᠠᠭᠰᠢᠳᠠ ᠠᠬᠢᠭᠤᠯᠵᠤ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠦᠨ ᠳᠠᠶᠢᠴᠢᠯᠠᠬᠤ ᠴᠢᠳᠠᠪᠤᠷᠢ ᠶᠢ ᠴᠢᠩᠭᠠᠳᠬᠠᠵᠤ᠂ ᠮᠠᠨ ᠤ ᠬᠤᠰᠢᠭᠤᠨ ᠤ ᠰᠢᠨ᠎ᠡ | ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ | ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠳ 11 ᠰᠠᠷ᠎ᠠ ᠶᠢᠨ 15 ᠤ ᠡᠳᠦᠷ ᠠᠴᠠ 17 ᠤ ᠡᠳᠦᠷ | ᠪᠣᠯᠲᠠᠯ᠎ᠠ ᠠᠯᠳ᠋ᠬᠠᠮᠡᠭᠡᠯ ᠪᠠᠯᠭᠠᠰᠤ᠂ ᠠᠷᠤᠬᠠᠰᠢᠶᠠᠲᠦ ᠪᠠᠯᠭᠠᠰᠤ᠂ ᠬᠥᠯᠥᠨ ᠪᠠᠯᠭᠠᠰᠤ᠂ ᠬᠡᠷᠦᠯᠦᠨ ᠰᠤᠮᠤ᠂ ᠲᠡᠯᠡᠶ ᠰᠤᠮᠤ ᠳᠤ ᠬᠦᠷᠴᠦ ᠬᠤᠷᠰᠢᠶᠠᠵᠢᠯ᠂ ᠭᠡᠷ | ᠪᠦᠯᠢ ᠶᠢᠨ ᠮᠠᠯᠵᠢᠯ ᠤᠨ ᠲᠠᠯᠠᠪᠠᠶ ᠶᠢ ᠬᠢᠨᠠᠨ ᠬᠠᠷᠭᠤᠭᠤᠯᠬᠤ ᠠᠵᠢᠯ ᠥᠷᠨᠢᠭᠦᠯᠪᠡ᠃ | | | | ᠠᠵᠢᠯᠲᠠᠳ ︽ᠠᠮᠢᠲᠠᠨ ᠤ ᠬᠢᠵᠢᠭ ᠢ ᠰᠡᠷᠭᠡᠶᠢᠯᠡᠬᠦ ᠨᠦᠬᠦᠴᠡᠯ ᠤᠨ ᠬᠢᠷᠢ ᠲᠡᠩᠴᠡᠭᠰᠡᠨ ᠦᠨᠡᠮᠯᠡᠯ︾ ᠭᠤᠶᠤᠴᠢᠯᠠᠭᠰᠠᠨ ᠬᠤᠷᠰᠢᠶᠠᠵᠢᠯ᠂ ᠭᠡᠷ ᠪᠦᠯᠢ ᠶᠢᠨ | ᠮᠠᠯᠵᠢᠯ ᠤᠨ ᠲᠠᠯᠠᠪᠠᠶ ᠳᠤ ᠬᠦᠷᠴᠦ᠂ ᠡᠷᠦᠬᠡ ᠶᠢᠨ ᠡᠵᠡᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ | ᠡᠷᠬᠡ ᠶᠢᠨ ᠦᠨᠡᠮᠯᠡᠯ᠂ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ᠂ ᠬᠢᠵᠢᠭ ᠢ ᠰᠡᠷᠭᠡᠶᠢᠯᠡᠬᠦ ᠲᠠᠩᠰᠠ ᠡᠪᠬᠡᠮᠡᠯ᠂ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ᠂ | ᠬᠠᠰᠢᠶ᠎ᠠ ᠰᠠᠷᠠᠪᠴᠢ᠂ ᠮᠠᠯ ᠡᠮᠨᠡᠯᠭᠡ ᠶᠢᠨ ᠲᠠᠰᠤᠭ᠂ ᠲᠤᠰᠠᠭᠠᠷᠯᠠᠬᠤ ᠬᠠᠰᠢᠶ᠎ᠠ ︵ᠬᠠᠰᠢᠶ᠎ᠠ ᠰᠠᠷᠠᠪᠴᠢ ᠠᠴᠠ 3000 ᠮᠧᠲᠷ ᠵᠠᠶᠢᠲᠠᠢ︶᠂ ᠬᠤᠣᠷ ᠦᠭᠡᠶᠢᠵᠢᠭᠦᠯᠦᠨ | ᠰᠢᠢᠳᠪᠦᠷᠢᠯᠡᠬᠦ ᠭᠤᠸ ︵ᠬᠠᠰᠢᠶ᠎ᠠ ᠰᠠᠷᠠᠪᠴᠢ ᠠᠴᠠ 3000 ᠮᠧᠲᠷ ᠵᠠᠶᠢᠲᠠᠢ᠂ ᠭᠦᠨ ᠨᠢ 2 ᠮᠧᠲᠷ ᠥᠷᠭᠡᠨ ᠨᠢ 1.5 ᠮᠧᠲᠷ︶᠂ ᠠᠷᠢᠭᠤᠳᠬᠠᠬᠤ ᠲᠠᠲᠠᠭᠠᠯ ︵ | ᠣᠷᠳᠣ ᠨᠢ 4 ᠮᠧᠲᠷ᠂ ᠭᠦᠨ ᠨᠢ 0.3 ᠮᠧᠲᠷ ᠠᠴᠠ ᠳᠡᠭᠡᠭᠰᠢ︶᠂ ᠠᠵᠢᠯᠯᠠᠬᠤ ᠲᠠᠯᠠᠪᠤᠷ ᠵᠡᠷᠭᠡ ᠶᠢ ᠬᠢᠨᠠᠨ ᠬᠠᠷᠭᠤᠭᠤᠯᠪᠠ᠃ ᠬᠢᠨᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠬᠤᠷᠰᠢᠶᠠᠵᠢᠯ ᠵᠢᠴᠢ ᠭᠡᠷ ᠪᠦᠯᠢ ᠶᠢᠨ ᠮᠠᠯᠵᠢᠯ ᠤᠨ ᠲᠠᠯᠠᠪᠠᠶ ᠳᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠠᠴᠠ ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︾ ᠣᠯᠭᠤᠪᠠ᠃ | | | | ᠣᠲᠣ ᠪᠣᠯᠲᠠᠯ᠎ᠠ᠂ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠤᠷᠰᠢᠶᠠᠵᠢᠯ ᠪᠠ ᠭᠡᠷ ᠪᠦᠯᠢ ᠶᠢᠨ ᠮᠠᠯᠵᠢᠯ ᠤᠨ ᠲᠠᠯᠠᠪᠠᠶ ᠨᠡᠶᠢᠲᠡ 14 ᠪᠠᠶᠢᠨ᠎ᠠ᠃ | ᠣᠶᠢᠷ᠎ᠠ ᠶᠢᠨ ᠵᠢᠯ ᠳᠤ᠂ ᠮᠠᠨ ᠤ ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠣᠯᠠᠨ ᠲᠦᠮᠡᠨ ᠢ ᠬᠤᠷᠰᠢᠶᠠᠵᠢᠯ ᠪᠠ ᠭᠡᠷ ᠪᠦᠯᠢ ᠶᠢᠨ | ᠮᠠᠯᠵᠢᠯ ᠤᠨ ᠲᠠᠯᠠᠪᠠᠶ ᠪᠠᠶᠢᠭᠤᠯᠬᠤ ᠶᠢ ᠢᠳᠡᠪᠬᠢᠲᠡᠢ ᠬᠥᠲᠥᠯᠥᠨ ᠵᠢᠯᠣᠭᠤᠳᠪᠠ᠃ ᠡᠭᠦᠨ ᠤ ᠬᠠᠮᠲᠤ᠂ ᠣᠲᠣ ᠶᠢᠨ ᠪᠠᠶᠢᠭ᠎ᠠ ᠮᠡᠷᠭᠡᠵᠢᠯ ᠤᠨ ᠬᠦᠴᠦᠨ ᠲᠠᠢ ᠪᠠᠨ | ᠤᠶᠠᠯᠳᠤᠭᠤᠯᠤᠨ᠂ ᠲᠡᠵᠢᠭᠡᠨ ᠦᠷᠡᠵᠢᠭᠦᠯᠬᠦ ᠡᠷᠦᠬᠡ ᠳᠤ ᠮᠡᠷᠭᠡᠵᠢᠯ ᠤᠨ ᠪᠣᠯᠪᠠᠰᠤᠷᠠᠯ ᠤᠨ ᠵᠢᠯᠣᠭᠤᠳᠤᠯᠭ᠎ᠠ ᠬᠠᠩᠭᠠᠵᠤ᠂ ᠮᠠᠯ ᠠᠵᠤ ᠠᠬᠤᠢ ᠶᠢᠨ ᠠᠵᠤ ᠦᠢᠯᠡᠰ ᠤᠨ | ᠡᠷᠡᠭᠦᠯ ᠢᠶᠠᠷ ᠬᠥᠭᠵᠢᠬᠦ ᠶᠢ ᠬᠦᠴᠦᠲᠡᠢ ᠠᠬᠢᠭᠤᠯᠵᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠪᠦᠲᠦᠮᠵᠢᠲᠡᠶ ᠠᠬᠢᠭᠤᠯᠪᠠ᠃ ᠮᠠᠨ ᠤ ᠬᠤᠰᠢᠭᠤ ᠦᠷᠭᠦᠯᠵᠢᠯᠡᠨ | ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠬᠤᠷᠰᠢᠶᠠᠵᠢᠯ ᠪᠠ ᠭᠡᠷ ᠪᠦᠯᠢ ᠶᠢᠨ | ᠮᠠᠯᠵᠢᠯ ᠤᠨ ᠲᠠᠯᠠᠪᠠᠶ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠩ ᠣᠯᠠᠨ ᠮᠠᠯᠴᠢᠳ ᠢ ᠳᠠᠭᠠᠭᠤᠯᠤᠨ ᠠᠮᠢ ᠠᠬᠤᠢ ᠶᠢᠨ ᠦᠷ᠎ᠡ | ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠭᠰᠠᠨ ᠰᠢᠨᠵᠢᠯᠡᠬᠦ ᠤᠬᠠᠭᠠᠨᠴᠢ ᠮᠠᠯ ᠠᠵᠤ ᠠᠬᠤᠢ ᠶᠢᠨ ᠬᠥᠭᠵᠢᠯᠲᠡ ᠶᠢᠨ ᠵᠠᠮ ᠢᠶᠠᠷ | ᠵᠠᠮᠨᠠᠨ᠎ᠠ᠃ | | |