ᠵᠡᠮᠳᠡᠭᠴᠦᠳ ᠤᠨ ︽ᠡᠷᠡᠭᠦᠯᠵᠢᠯ ᠢ ᠲᠤᠰᠠᠯᠠᠬᠤ ᠢᠨᠵᠧᠨᠧᠷᠢᠩ︾ ᠤᠨ ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠤᠯᠠᠮ ᠴᠢᠨᠠᠭᠰᠢᠳᠠ ᠰᠠᠶᠢᠲᠤᠷ ᠬᠢᠵᠦ᠂ | ᠵᠡᠮᠳᠡᠭᠴᠦᠳ ᠢ ᠣᠶᠢᠯᠠᠭᠠᠬᠤ᠂ ᠬᠠᠯᠠᠮᠵᠢᠯᠠᠬᠤ ᠪᠠ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠵᠡᠮᠳᠡᠭᠴᠦᠳ ᠲᠤ ᠠᠰᠢᠭ ᠬᠦᠷᠲᠡᠭᠡᠬᠦ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠢ ᠪᠠᠶᠢᠭᠤᠯᠬᠤ ᠶᠢᠨ ᠲᠥᠯᠥᠭᠡ᠂ 11 ᠰᠠᠷ᠎ᠠ ᠶᠢᠨ 20 ᠤ ᠡᠳᠦᠷ᠂ ᠬᠤᠰᠢᠭᠤᠨ ᠤ ᠠᠷᠠᠳ ᠤᠨ | ᠶᠠᠪᠤᠳᠠᠯ ᠤᠨ ᠲᠣᠪᠴᠢᠶ᠎ᠠ ︽ᠵᠡᠮᠳᠡᠭᠴᠦᠳ ᠢ ᠬᠠᠯᠠᠮᠵᠢᠯᠠᠨ ᠬᠠᠶᠢᠷᠠᠯᠠᠵᠤ᠂ ᠲᠤᠰᠠᠯᠠᠬᠤ ᠪᠠᠭᠠᠵᠢ ᠬᠡᠷᠡᠭᠰᠡᠯ ᠬᠦᠷᠭᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠥᠷᠨᠢᠭᠦᠯᠪᠡ᠃ | | | | ᠲᠤᠰᠠᠯᠠᠬᠤ ᠪᠠᠭᠠᠵᠢ ᠬᠡᠷᠡᠭᠰᠡᠯ ᠢ ᠲᠠᠷᠬᠠᠭᠠᠬᠤ ᠶᠠᠪᠤᠴᠠ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠵᠢᠯᠲᠠᠳ ᠲᠤᠰᠠᠯᠠᠬᠤ | ᠬᠡᠷᠡᠭᠰᠡᠯ ᠤᠨ ᠬᠡᠷᠡᠭᠯᠡᠬᠦ ᠠᠷᠭ᠎ᠠ᠂ ᠬᠡᠷᠡᠭᠯᠡᠬᠦ ᠬᠡᠪᠴᠢᠶ᠎ᠡ᠂ ᠠᠷᠠᠴᠢᠯᠠᠵᠤ ᠰᠡᠯᠪᠢᠬᠦ ᠵᠡᠷᠭᠡ ᠮᠡᠳᠡᠯᠭᠡ ᠶᠢ ᠨᠠᠷᠢᠨ ᠨᠢᠮᠪᠠᠢ ᠬᠦᠯᠢᠴᠡᠩᠭᠦᠢ ᠪᠠᠷ ᠲᠠᠶᠢᠯᠪᠤᠷᠢᠯᠠᠵᠤ᠂ | ᠲᠤᠬᠠᠢ ᠶᠢᠨ ᠲᠠᠯᠠᠪᠤᠷ ᠲᠤᠨᠢ ᠵᠢᠱᠢᠶ᠎ᠡ ᠦᠵᠡᠭᠦᠯᠵᠦ᠂ ᠵᠡᠮᠳᠡᠭᠴᠦᠳ ᠤᠨ ᠭᠡᠷ ᠪᠦᠯᠢ ᠶᠢᠨ ᠬᠢᠨ ᠢ ᠬᠡᠷᠬᠢᠨ ᠬᠡᠷᠡᠭᠯᠡᠬᠦ ᠶᠢ ᠵᠢᠭᠠᠨ ᠵᠢᠯᠣᠭᠤᠳᠪᠠ᠃ ᠠᠪᠬᠤ ᠪᠠᠷ | ᠢᠷᠡᠬᠦ ᠳᠤ ᠳᠥᠭᠦᠮ ᠦᠭᠡᠢ ᠵᠡᠮᠳᠡᠭᠴᠦᠳ ᠤᠨ ᠭᠡᠷ ᠪᠦᠯᠢ ᠳᠤ ᠲᠤᠰᠬᠠᠢ ᠬᠥᠮᠥᠨ ᠲᠣᠬᠢᠷᠠᠭᠤᠯᠤᠨ ᠲᠤᠰᠠᠯᠠᠬᠤ ᠪᠠᠭᠠᠵᠢ ᠬᠡᠷᠡᠭᠰᠡᠯ ᠢ ᠵᠡᠮᠳᠡᠭᠴᠦᠳ ᠤᠨ ᠭᠡᠷ ᠲᠤ | ᠬᠦᠷᠭᠡᠵᠦ᠂ ᠬᠠᠪᠰᠤᠷᠤᠨ ᠤᠭᠰᠠᠷᠠᠵᠤ᠂ ᠲᠣᠬᠢᠷᠠᠭᠤᠯᠤᠨ ᠲᠤᠷᠰᠢᠬᠤ ᠶᠢᠨ ᠬᠠᠮᠲᠤ ᠬᠡᠷᠡᠭᠯᠡᠬᠦ ᠠᠷᠭ᠎ᠠ ᠶᠢ ᠵᠢᠭᠠᠵᠤ ᠥᠭᠪᠡ᠃ | ᠲᠣᠰ ᠤᠳᠠᠭᠠᠨ ᠤ ᠠᠵᠢᠯᠯᠠᠭ᠎ᠠ ᠳᠤ ᠤᠬᠢᠶᠠᠯᠭ᠎ᠠ ᠶᠢᠨ ᠰᠠᠨᠳᠠᠯᠢ᠂ ᠶᠠᠷ᠎ᠠ ᠰᠢᠷᠬ᠎ᠠ ᠶᠢ ᠰᠡᠷᠭᠡᠶᠢᠯᠡᠬᠦ ᠳᠡᠪᠢᠰᠬᠡᠷ᠂ ᠲᠠᠶᠠᠭ ᠵᠡᠷᠭᠡ ᠲᠤᠰᠠᠯᠠᠬᠤ ᠪᠠᠭᠠᠵᠢ | ᠬᠡᠷᠡᠭᠰᠡᠯ ᠢ ᠨᠡᠶᠢᠲᠡ 11 ᠲᠠᠷᠬᠠᠭᠠᠵᠤ᠂ ᠵᠡᠮᠳᠡᠭᠴᠦᠳ ᠢ ᠬᠠᠪᠰᠤᠷᠤᠨ ᠠᠮᠢᠳᠤᠷᠠᠯ ᠬᠦᠴᠢᠷᠲᠡᠢ᠂ ᠶᠠᠪᠤᠵᠤ ᠰᠠᠭᠤᠬᠤ ᠳᠤ ᠬᠦᠴᠢᠷᠲᠡᠢ ᠪᠠᠶᠢᠬᠤ ᠠᠰᠠᠭᠤᠳᠠᠯ ᠢ ᠨᠢ | ᠰᠢᠢᠳᠪᠦᠷᠢᠯᠡᠨ ᠥᠭᠴᠦ᠂ ᠲᠡᠳᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠪᠦᠲᠦᠮᠵᠢᠲᠡᠶ ᠰᠠᠶᠢᠵᠢᠷᠠᠭᠤᠯᠵᠤ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠳᠤ | ᠲᠣᠬᠢᠷᠠᠭᠰᠠᠨ ᠢ ᠨᠢ ᠵᠠᠪᠠᠯ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃ | | |