ᠬᠤᠰᠢᠭᠤᠨ ᠤ ᠬᠢᠨᠠᠨ ᠪᠤᠳᠤᠬᠤ ᠲᠣᠪᠴᠢᠶ᠎ᠠ 2023 ᠣᠨ ᠤ ᠬᠢᠨᠠᠨ ᠪᠣᠳᠣᠯᠲᠠ ᠶᠢᠨ ᠮᠡᠳᠡᠭᠦᠯᠦᠯᠲᠡ ᠶᠢᠨ ᠰᠢᠯᠢᠳᠡᠭ ᠢ ᠰᠢᠯᠭᠠᠷᠠᠭᠤᠯᠵᠤ ᠮᠠᠭᠤ ᠶᠢ ᠦᠨᠡᠯᠡᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/11/22
      ᠬᠢᠨᠠᠨ ᠪᠣᠳᠣᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠴᠢᠩᠭ᠎ᠠ ᠡᠵᠡᠮᠳᠡᠨ᠂ ᠬᠢᠨᠠᠨ ᠪᠣᠳᠣᠯᠲᠠ ᠶᠢᠨ ᠲᠦᠭᠰᠢᠭᠦᠷᠢ ᠶᠢ ᠰᠡᠷᠭᠡᠶᠢᠯᠡᠵᠦ᠂ ᠰᠢᠯᠢᠳᠡᠭ ᠬᠢᠨᠠᠨ ᠪᠣᠳᠣᠯᠲᠠ ᠶᠢᠨ ᠮᠡᠳᠡᠭᠦᠯᠦᠯᠲᠡ ᠶᠢᠨ ᠵᠢᠯᠤᠭᠤᠳᠬᠤ ᠪᠠ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ ᠬᠤᠰᠢᠭᠤᠨ ᠤ ᠬᠢᠨᠠᠨ ᠪᠣᠳᠣᠬᠤ ᠲᠣᠪᠴᠢᠶ᠎ᠠ 2023 ᠣᠨ ᠤ ᠬᠢᠨᠠᠨ ᠪᠣᠳᠣᠯᠲᠠ ᠶᠢᠨ ᠮᠡᠳᠡᠭᠦᠯᠦᠯᠲᠡ ᠶᠢᠨ ᠰᠢᠯᠢᠳᠡᠭ ᠢ ᠰᠢᠯᠭᠠᠷᠠᠭᠤᠯᠵᠤ ᠮᠠᠭᠤ ᠶᠢ ᠦᠨᠡᠯᠡᠬᠦ ᠠᠵᠢᠯ ᠥᠷᠨᠢᠭᠦᠯᠪᠡ᠃
11.22审计.jpg
      ᠲᠣᠰ ᠤᠳᠠᠭᠠᠨ ᠤ ᠰᠢᠯᠭᠠᠷᠠᠭᠤᠯᠬᠤ ᠠᠵᠢᠯ ᠢ ᠬᠠᠤᠯᠢ ᠳᠦᠷᠢᠮ ᠤᠨ ᠰᠢᠭᠦᠨ ᠰᠢᠢᠳᠪᠦᠷᠢᠯᠡᠬᠦ ᠲᠠᠰᠤᠭ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠠᠰᠤᠭ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠰᠣᠩᠭᠤᠨ ᠰᠢᠯᠭᠠᠷᠠᠭᠤᠯᠬᠤ ᠳᠤᠭᠤᠶᠢᠯᠠᠩ ᠪᠦᠷᠢᠯᠳᠦᠭᠦᠯᠵᠦ᠂ ᠰᠣᠯᠪᠢᠴᠠᠭᠤᠯᠤᠨ ᠳᠠᠬᠢᠨ ᠬᠢᠨᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ︽ᠬᠢᠨᠠᠨ ᠪᠣᠳᠣᠯᠲᠠ ᠶᠢᠨ ᠮᠡᠳᠡᠭᠦᠯᠦᠯᠲᠡ ᠶᠢᠨ ᠠᠳᠠᠯᠢᠳᠬᠠᠨ ᠬᠤᠪᠢ ᠥᠭᠬᠦ ᠪᠠᠷᠢᠮᠵᠢᠶ᠎ᠠ︾ ᠶᠢ ᠦᠨᠳᠦᠰᠦᠯᠡᠨ ᠬᠢᠨᠠᠨ ᠪᠣᠳᠣᠯᠲᠠ ᠶᠢᠨ ᠮᠡᠳᠡᠭᠦᠯᠦᠯᠲᠡ ᠶᠢᠨ ᠲᠤᠰᠬᠠᠯ ᠤᠨ ᠭᠤᠣᠯ ᠠᠰᠠᠭᠤᠳᠠᠯ᠂ ᠠᠰᠠᠭᠤᠳᠠᠯ ᠤᠨ ᠰᠢᠨᠵᠢ ᠴᠢᠨᠠᠷ ᠢ ᠲᠣᠭᠲᠠᠭᠠᠵᠤ ᠬᠠᠷᠢᠭᠤᠴᠠᠯᠭ᠎ᠠ ᠶᠢ ᠲᠣᠭᠲᠠᠭᠠᠬᠤ᠂ ᠰᠢᠢᠳᠪᠦᠷᠢᠯᠡᠵᠦ ᠰᠢᠢᠳᠬᠡᠬᠦ᠂ ᠬᠢᠨᠠᠨ ᠪᠣᠳᠣᠯᠲᠠ ᠶᠢᠨ ᠰᠠᠨᠠᠭᠤᠯᠭ᠎ᠠ ᠪᠠ ᠬᠢᠨᠠᠨ ᠪᠣᠳᠣᠯᠲᠠ ᠶᠢᠨ ᠮᠡᠳᠡᠭᠦᠯᠦᠯᠲᠡ ᠶᠢᠨ ᠠᠯᠪᠠᠨ ᠪᠢᠴᠢᠭ ᠶᠠᠪᠤᠭᠤᠯᠬᠤ ᠦᠭᠡ ᠬᠡᠯᠡ ᠵᠡᠷᠭᠡ ᠠᠭᠤᠯᠭ᠎ᠠ ᠶᠢ ᠨᠠᠷᠢᠨ ᠨᠢᠮᠪᠠᠢ ᠠᠳᠠᠯᠢᠳᠬᠠᠨ ᠰᠢᠯᠭᠠᠷᠠᠭᠤᠯᠵᠤ᠂ ᠬᠤᠪᠢ ᠥᠭᠭᠦᠭᠰᠡᠨ ᠦᠷ᠎ᠡ ᠳ᠋ᠦᠩ ᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠠᠴᠠ ᠳᠠᠬᠢᠨ ᠬᠢᠨᠠᠵᠤ᠂ ᠲᠣᠪᠴᠢᠶᠠᠨ ᠳᠠᠷᠤᠭ᠎ᠠ ᠪᠠᠷ ᠬᠢᠨᠠᠨ ᠲᠣᠭᠲᠠᠭᠠᠯᠭᠠᠭᠠᠳ᠂ ᠬᠠᠮᠤᠭ ᠡᠴᠦᠰ ᠲᠤ 3 ᠰᠢᠯᠢᠳᠡᠭ ᠬᠢᠨᠠᠨ ᠪᠣᠳᠣᠯᠲᠠ ᠶᠢᠨ ᠮᠡᠳᠡᠭᠦᠯᠦᠯᠲᠡ᠂ 2 ᠪᠠᠷᠤᠭᠲᠠᠢ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠲᠣᠭᠲᠠᠭᠠᠪᠠ᠃ ᠲᠣᠰ ᠤᠳᠠᠭᠠᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠡᠯ᠎ᠡ ᠲᠠᠰᠤᠭ ᠲᠤ ᠵᠠᠷᠯᠠᠨ ᠮᠡᠳᠡᠭᠳᠡᠨ᠎ᠡ᠃       ᠲᠣᠰ ᠤᠳᠠᠭᠠᠨ ᠤ ᠬᠢᠨᠠᠨ ᠪᠣᠳᠣᠯᠲᠠ ᠶᠢᠨ ᠮᠡᠳᠡᠭᠦᠯᠦᠯᠲᠡ ᠶᠢᠨ ᠰᠢᠯᠢᠳᠡᠭ ᠢ ᠰᠢᠯᠭᠠᠷᠠᠭᠤᠯᠵᠤ ᠮᠠᠭᠤ ᠶᠢ ᠦᠨᠡᠯᠡᠬᠦ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠬᠢᠨᠠᠨ ᠪᠤᠳᠤᠬᠤ ᠠᠵᠢᠯᠲᠠᠨ ᠤ ᠬᠢᠨᠠᠨ ᠪᠣᠳᠣᠯᠲᠠ ᠶᠢᠨ ᠶᠠᠰᠤ ᠴᠢᠨᠠᠷ ᠤᠨ ᠤᠬᠠᠮᠰᠠᠷ᠂ ᠰᠢᠯᠢᠳᠡᠭ ᠢ ᠡᠭᠦᠳᠬᠦ ᠤᠬᠠᠮᠰᠠᠷ ᠪᠠ ︽ᠬᠢᠷᠢ ᠪᠦᠲᠦᠮᠵᠢ ᠶᠢᠨ ᠬᠠᠭᠤᠳᠠᠰᠤ︾ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠢᠨᠠᠨ ᠪᠣᠳᠣᠯᠲᠠ ᠶᠢᠨ ᠠᠵᠢᠯ ᠤᠨ ᠳᠦᠷᠢᠮᠵᠢᠯᠲᠡ ᠪᠠ ᠵᠢᠷᠦᠮᠵᠢᠯᠲᠡ ᠶᠢ ᠪᠦᠲᠦᠮᠵᠢᠲᠡᠶ ᠲᠦᠯᠬᠢᠨ ᠠᠬᠢᠭᠤᠯᠵᠤ᠂ ᠲᠣᠪᠴᠢᠶ᠎ᠠ ᠶᠢᠨ ᠬᠢᠨᠠᠨ ᠪᠣᠳᠣᠯᠲᠠ ᠶᠢᠨ ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ