ᠰᠦᠨ ᠱᠤᠣ ᠴᠧᠩ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢᠭᠡᠴᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠴᠢᠨᠠᠭᠰᠢᠳᠠ ᠰᠣᠨᠣᠰᠪᠠ
ᠨᠡᠶᠢᠲᠡᠯᠡᠭᠰᠡᠨ ᠴᠠᠭ᠄
2023/11/23
      11 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠣ ᠴᠧᠩ ᠬᠤᠷᠠᠯ ᠡᠷᠬᠢᠯᠡᠨ ᠬᠤᠷᠠᠯᠳᠤᠭᠤᠯᠵᠤ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠲᠤᠭᠤᠰᠢᠯᠠᠭᠤᠯᠬᠤ ᠲᠤᠬᠠᠢ ᠰᠡᠳᠬᠢᠴᠡ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠡᠨᠡ ᠤᠳᠠᠭ᠎ᠠ ᠶᠢᠨ ᠬᠤᠷᠠᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠲᠣᠭᠤᠷᠢᠨ ᠳᠤ ᠬᠤᠷᠠᠯᠳᠤᠭᠤᠯᠤᠭᠰᠠᠨ ᠭᠤᠷᠪᠠᠳᠤᠭᠠᠷ ᠤᠳᠠᠭ᠎ᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠪᠣᠯᠣᠨ᠎ᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠠᠷᠢᠭᠤᠴᠠᠯᠭᠠᠲᠠᠨ ᠨᠥᠬᠦᠳ ᠲᠤᠰ ᠲᠤᠰ ᠬᠠᠷᠢᠭᠤ ᠮᠡᠳᠡᠭᠦᠯᠦᠯᠲᠡ ᠬᠢᠪᠡ᠃      ᠰᠦᠨ ᠱᠤᠣ ᠴᠧᠩ᠂ᠦᠨᠳᠦᠰᠦᠲᠡᠨ ᠤ ᠭᠠᠵᠠᠷ ᠣᠷᠣᠨ ᠳᠤ ᠠᠪᠴᠤ ᠬᠡᠯᠡᠪᠡᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠠᠵᠢᠯ ᠢᠶᠠᠨ ᠪᠦᠷ ᠤᠬᠠᠮᠰᠠᠷ ᠠᠴᠠ ᠪᠠᠨ ᠡᠭᠦᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠬᠡᠷᠡᠭᠲᠡᠢ᠃ ᠡᠭᠦᠷᠬᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠠᠨ ᠱᠠᠯᠠᠪᠳᠠᠨ ᠰᠢᠯᠢᠳᠡᠭᠵᠢᠭᠦᠯᠵᠦ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠰᠠᠯᠠᠭ᠎ᠠ ᠮᠥᠴᠢᠷ ᠨᠢᠭᠡᠴᠢ ᠶᠢᠨ ︽ᠭᠤᠷᠪᠠ ᠶᠢ ᠳᠣᠭᠲᠠᠭᠠᠬᠤ︾ ᠲᠦᠰᠦᠯ ᠳᠤ ᠲᠣᠳᠣᠷᠬᠠᠢ ᠪᠢᠴᠢᠨ ᠣᠷᠣᠭᠤᠯᠵᠤ᠂ ᠭᠤᠣᠯ ᠰᠢᠵᠢᠮ ᠢ ᠲᠤᠭᠤᠰᠢᠯᠠᠭᠤᠯᠬᠤ ᠶᠢ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ᠂ ᠵᠠᠪᠠᠯ ᠭᠦᠢᠴᠡᠳᠬᠡᠬᠦ ᠬᠠᠷᠢᠭᠤᠴᠠᠯᠭ᠎ᠠ ᠪᠣᠯᠭᠠᠬᠤ ᠬᠡᠷᠡᠭᠲᠡᠢ᠃ ᠨᠢᠭᠡᠲᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠠᠶᠢᠴᠠᠭᠠᠵᠤ ᠱᠠᠯᠠᠪᠳᠠᠭᠤᠯᠤᠨ ᠭᠦᠢᠴᠡᠳᠭᠡᠬᠦ᠂ ᠦᠷ᠎ᠡ ᠪᠦᠲᠦᠮᠵᠢ ᠶᠢ ᠮᠦᠷᠳᠡᠨ ᠠᠰᠠᠭᠤᠬᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠲᠤᠯᠭᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠱᠠᠭᠠᠷᠳᠠᠯᠭ᠎ᠠ ᠶᠢ ᠬᠠᠤᠯᠢ ᠳᠣᠭᠲᠠᠭᠠᠯ ᠲᠥᠷᠥ ᠶᠢᠨ ᠪᠣᠳᠣᠯᠭ᠎ᠠ ᠶᠢ ᠳᠣᠭᠲᠠᠭᠠᠵᠤ ᠬᠢᠨᠠᠨ ᠬᠠᠷᠭᠤᠭᠤᠯᠬᠤ᠂ ᠨᠠᠮ ᠤᠨ ᠭᠡᠰᠢᠭᠦᠨ ᠺᠠᠳ᠋ᠷ ᠤᠨ ᠬᠦᠮᠦᠵᠢᠯ ᠪᠣᠯᠪᠠᠰᠤᠷᠠᠯ ᠤᠨ ᠬᠠᠮᠢᠶᠠᠷᠤᠯᠲᠠ ᠡᠯ᠎ᠡ ᠲᠦᠷᠦᠯ ᠤᠨ ᠰᠢᠨ᠎ᠡ ᠪᠠᠷ ᠪᠠᠶᠢᠭᠤᠯᠤᠭᠰᠠᠨ ᠵᠣᠬᠢᠶᠠᠨ ᠪᠠᠶᠢᠭᠤᠯᠤᠯᠲᠠ ᠶᠢᠨ ᠳᠦᠷᠢᠮ ᠢ ᠳᠣᠭᠲᠠᠭᠠᠬᠤ ᠵᠡᠷᠭᠡ ᠲᠠᠯ᠎ᠠ ᠳᠤ ᠴᠥᠮ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠰᠣᠳᠤᠯᠭᠠᠨ ᠢ ᠬᠦᠨᠵᠡᠭᠡᠶᠢᠷᠡᠭᠦᠯᠵᠦ᠂ ᠣᠨᠴᠠᠭᠠᠢ ᠴᠢᠨᠠᠷ ᠢ ᠡᠵᠡᠮᠳᠡᠵᠦ᠂ ᠬᠠᠮᠵᠢᠯᠴᠠᠬᠤ ᠴᠢᠨᠠᠷ ᠢ ᠴᠢᠩᠭᠠᠳᠬᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠣᠯᠣᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠢᠵᠢᠯᠢ ᠴᠢᠭᠯᠡᠯ ᠢᠶᠠᠷ ᠬᠦᠴᠦᠯᠡᠬᠦ ᠶᠢ ᠨᠡᠩ ᠰᠠᠶᠢᠲᠤᠷ ᠠᠬᠢᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠠᠵᠢᠯ ᠢᠶᠠᠨ ᠭᠦᠨᠵᠡᠭᠡᠢ ᠨᠠᠷᠢᠯᠢᠭ ᠰᠠᠶᠢᠲᠤᠷ ᠬᠢᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠲᠠᠯ᠎ᠠ ᠪᠠᠷ ᠲᠤᠭᠤᠰᠢᠯᠠᠭᠤᠯᠬᠤ ᠮᠥᠷᠲᠡᠭᠡᠨ ᠪᠠᠰᠠ ᠨᠠᠷᠢᠯᠢᠭ ᠣᠨᠣᠴᠠᠲᠠᠢ ᠪᠠᠶᠢᠬᠤ ᠶᠢ ᠤᠶᠠᠯᠳᠤᠭᠤᠯᠵᠤ᠂ ᠶᠡᠷᠦᠮᠳᠡᠭ ᠪᠣᠯᠬᠤ ᠶᠢ ᠰᠡᠷᠭᠡᠶᠢᠯᠡᠵᠦ᠂ ᠬᠤᠭᠤᠰᠤᠨ ᠤᠷᠢᠶ᠎ᠠ ᠬᠠᠰᠬᠢᠷᠬᠤ᠂ ᠳᠤᠷ᠎ᠠ ᠪᠠᠷ ᠢᠶᠠᠨ ᠱᠣᠰᠢᠭ᠎ᠠ ᠬᠠᠳᠠᠬᠤ ᠶᠢ ᠡᠷᠡᠰ ᠬᠤᠷᠢᠭᠯᠠᠵᠤ᠂ ᠡᠯ᠎ᠡ ᠵᠦᠢᠯ ᠤᠨ ᠬᠡᠯᠪᠡᠷᠢ ᠶᠢᠨ ︽ᠳᠣᠣᠷ᠎ᠠ ᠳᠡᠰ ᠤᠨ ᠤᠯᠠᠭᠠᠨ︾᠂ ︽ᠳᠡᠭᠡᠳᠦ ᠳᠡᠰ ᠤᠨ ᠬᠠᠷ᠎ᠠ︾ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠬᠡᠷᠡᠭᠲᠡᠢ ᠭᠡᠪᠡ᠃      ᠢᠤᠢ ᠯᠢ ᠰᠢᠨ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ