ᠪᠦᠭᠦ ᠣᠷᠣᠨ ᠤ ᠤᠯᠠᠭᠠᠨᠮᠥ᠋ᠴᠢᠷ ᠤᠨ ︽ᠰᠤᠷᠤᠯᠴᠠᠬᠤ· ᠵᠣᠬᠢᠶᠠᠨ ᠪᠦᠲᠦᠭᠡᠬᠦ · ᠲᠣᠭᠯᠠᠬᠤ︾ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠵᠠᠢ ᠵᠧᠩ ᠬᠤᠩ ᠹᠠᠨ ᠶᠠᠷᠢᠶ᠎ᠠ ᠲᠠᠯᠪᠢᠵᠤ ᠶᠠᠩ ᠶᠢᠨ ᠬᠤᠷᠠᠯ ᠡᠷᠭᠢᠯᠡᠪᠠ
ᠨᠡᠶᠢᠲᠡᠯᠡᠭᠰᠡᠨ ᠴᠠᠭ᠄
2023/11/24
      11 ᠰᠠᠷ᠎ᠠ ᠶᠢᠨ 21 ᠤ ᠡᠳᠦᠷ᠂ ᠪᠦᠭᠦ ᠣᠷᠣᠨ ᠤ ᠤᠯᠠᠭᠠᠨᠮᠥ᠋ᠴᠢᠷ ᠤᠨ ︽ᠰᠤᠷᠤᠯᠴᠠᠬᠤ · ᠵᠣᠬᠢᠶᠠᠨ ᠪᠦᠲᠦᠭᠡᠬᠦ · ᠲᠣᠭᠯᠠᠬᠤ︾ ᠲᠤᠷᠰᠢᠯᠭ᠎ᠠ ᠰᠣᠯᠢᠯᠴᠠᠬᠤ ᠬᠤᠷᠠᠯ ᠭᠦᠭᠡᠬᠤᠲᠠ ᠳᠤ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠢ ᠡᠷᠭᠢᠯᠡᠵᠠᠢ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠪᠦᠭᠦ ᠣᠷᠣᠨ ᠤ ᠤᠯᠠᠭᠠᠨᠮᠥ᠋ᠴᠢᠷ ᠠᠮᠢᠳᠤᠷᠠᠯ ᠤᠨ ᠭᠦᠨ ᠵᠤᠵᠠᠭᠠᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠦᠨᠳᠦᠰᠦᠨ ᠱᠠᠲᠤᠨ ᠤ ᠤᠯᠠᠨ ᠲᠦᠮᠡᠨ ᠳᠤ ᠦᠢᠯᠡᠴᠢᠯᠡᠵᠦ᠂ 2000 ᠰᠢᠬᠠᠮ ᠠᠮᠢᠳᠤᠯᠢᠭ ᠳᠦᠷᠰᠦᠯᠢᠭ ᠪᠦᠲᠦᠭᠡᠯ ᠢ ᠵᠣᠬᠢᠶᠠᠨ ᠪᠦᠲᠦᠭᠡᠵᠦ᠂ ︽ᠰᠤᠷᠤᠯᠴᠠᠬᠤ · ᠵᠣᠬᠢᠶᠠᠨ ᠪᠦᠲᠦᠭᠡᠬᠦ · ᠲᠣᠭᠯᠠᠬᠤ︾ ᠠᠵᠢᠯ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠪᠠ᠃ ᠥᠷᠭᠡᠨ ᠣᠯᠠᠨ ᠤᠯᠠᠭᠠᠨᠮᠥ᠋ᠴᠢᠷ ᠤᠨ ᠠᠵᠢᠯᠲᠠᠨ ᠶᠡᠷᠦᠩᠬᠡᠢ ᠱᠦᠵᠢ ᠰᠢ ᠶᠢᠨ ᠫᠢᠩ ᠤᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠰᠡᠳᠬᠢᠯ ᠲᠠᠯᠪᠢᠨ ᠣᠶᠢᠯᠠᠭᠠᠬᠤ ᠳᠤᠮᠳᠠ ᠠᠵᠢᠯ ᠤᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠵᠡᠮᠳᠡᠨ᠂ ᠪᠠᠲᠤ ᠴᠢᠩᠭ᠎ᠠ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠣᠯ ᠢᠶᠠᠷ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠣᠯᠠᠨ ᠲᠦᠮᠡᠨ ᠲᠠᠢ ᠣᠶᠢᠷᠠᠲᠤᠭᠰᠠᠨ᠂ ᠣᠯᠠᠨ ᠲᠦᠮᠡᠨ ᠤ ᠳᠤᠮᠳᠠ ᠳᠡᠯᠭᠡᠷᠡᠵᠦ᠂ ᠤᠯᠠᠨ ᠲᠦᠮᠡᠨ ᠳᠤ ᠲᠠᠭᠠᠰᠢᠶᠠᠭᠳᠠᠭᠰᠠᠨ ᠨᠢᠭᠡ ᠪᠦᠯᠦᠭ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠴᠢᠩ ᠦᠨᠡᠨᠴᠢ ᠰᠡᠳᠬᠢᠯ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠦᠢᠯᠡᠴᠢᠯᠡᠪᠡ ᠭᠡᠵᠦ ᠵᠢᠭᠠᠵᠤ ᠭᠠᠷᠭᠠᠪᠠ᠃      ᠰᠤᠷᠲᠠᠯ ᠤᠬᠠᠭᠤᠯᠭ᠎ᠠ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ᠂ ᠤᠯᠠᠭᠠᠨᠮᠥ᠋ᠴᠢᠷ ᠪᠣᠯᠣᠨ ᠤᠷᠠᠯᠢᠭ ᠤᠨ ᠵᠢᠭᠠᠨ ᠵᠢᠯᠣᠭᠤᠳᠤᠭᠴᠢ ᠵᠡᠷᠭᠡ 10 ᠲᠥᠯᠥᠭᠡᠯᠡᠭᠴᠢ ᠲᠥᠷᠥᠭᠳᠡᠯ ᠢᠶᠠᠨ ᠰᠣᠯᠢᠯᠴᠠᠬᠤ ᠦᠭᠡ ᠬᠡᠯᠡᠪᠡ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ