11 ᠳ᠋ᠦ᠋ᠭᠡᠷ ᠰᠠᠷ᠎ᠠ ᠶᠢᠨ 23 ᠤ ᠡᠳᠦᠷ᠂ ᠪᠥᠬᠦ ᠣᠷᠣᠨ ᠤ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠶᠢ | ᠠᠬᠢᠭᠤᠯᠬᠤ ᠬᠤᠷᠠᠯ ᠢ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠶᠠᠩ ᠸᠧᠢ ᠳ᠋ᠦᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠳᠠᠶᠢᠴᠢᠨ ᠬᠤᠷᠠᠯ ᠢ ᠡᠷᠬᠢᠯᠡᠪᠡ᠃ | ᠬᠤᠷᠠᠯ ᠳᠤ᠂ ︽ᠮᠢᠩᠭ᠎ᠠ ᠲᠦᠮᠡ ᠶᠢᠨ ᠢᠨᠵᠧᠨᠧᠷᠢᠩ︾ ᠪᠣᠯ ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠤ ᠪᠠᠨ | ᠪᠡᠶ᠎ᠡ ᠪᠠᠷ ᠢᠶᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ᠎ᠠ᠂ ᠰᠢᠨ᠎ᠡ | ᠴᠠᠭ ᠦᠶ᠎ᠡ ᠰᠢᠨ᠎ᠡ ᠠᠶᠠᠨ ᠵᠠᠮ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠭᠠᠷᠳᠠᠴᠠ | ᠪᠣᠯᠣᠨ᠎ᠠ᠃ ᠲᠥᠯᠥᠪᠯᠡᠨ ᠳᠠᠭᠠᠭᠤᠯᠬᠤ ᠶᠢ ᠪᠠᠷᠢᠮᠲᠠᠯᠠᠵᠤ᠂ ᠰᠠᠶᠢᠲᠤᠷ ᠪᠠᠶᠢᠷᠢᠯᠠᠭᠤᠯᠬᠤ ᠮᠥᠷᠲᠡᠭᠡᠨ ᠪᠠᠰᠠ ᠰᠠᠶᠢᠲᠤᠷ ᠲᠥᠯᠥᠪᠯᠡᠬᠦ ᠬᠡᠷᠡᠭᠲᠡᠢ︔ ᠲᠤᠬᠠᠢ ᠶᠢᠨ ᠭᠠᠵᠠᠷ ᠤᠨ | ᠪᠠᠶᠢᠳᠠᠯ ᠳᠤ ᠨᠢ ᠲᠣᠬᠢᠷᠠᠭᠤᠯᠬᠤ ᠶᠢ ᠪᠠᠷᠢᠮᠲᠠᠯᠠᠵᠤ᠂ ᠶᠡᠭᠡ ᠳᠤ ᠰᠢᠨᠤᠵᠤ ᠪᠦᠷᠢᠨ ᠢ ᠬᠥᠭᠡᠭᠡᠴᠡᠯᠳᠦᠬᠦ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ᠂ ᠲᠡᠷᠡ ᠬᠡᠪ ᠢᠶᠠᠷ | ᠨᠢ ᠨᠡᠭᠦᠯᠭᠡᠨ ᠬᠡᠷᠡᠭᠯᠡᠬᠦ᠂ ᠮᠢᠩᠭᠠᠨ ᠲᠣᠰᠬᠤᠨ ᠢ ᠨᠢᠭᠡ ᠯᠡ ᠬᠡᠪ ᠲᠠᠢ ᠪᠠᠶᠢᠯᠭᠠᠬᠤ ᠭᠡᠵᠦ ᠣᠷᠣᠯᠳᠤᠬᠤ ᠦᠭᠡᠢ︔ ᠰᠢᠰᠲ᠋ᠧᠮᠲᠦ ᠦᠵᠡᠯ ᠢ ᠪᠠᠷᠢᠮᠲᠠᠯᠠᠵᠤ᠂ | ᠬᠦᠴᠦ ᠪᠠᠨ ᠲᠥᠪᠯᠡᠷᠡᠭᠦᠯᠦᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ᠂ ᠰᠢᠶᠠᠨ ᠤ ᠬᠡᠪᠴᠢᠶᠡᠨ ᠳᠠᠬᠢ ᠬᠤᠳᠠ ᠬᠥᠳᠡᠭᠡ ᠶᠢᠨ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ︔ ᠣᠯᠠᠨ ᠲᠦᠮᠡ ᠶᠢᠨ ᠳᠤ ᠲᠦᠰᠢᠭᠯᠡᠬᠦ ᠶᠢ ᠪᠠᠷᠢᠮᠲᠠᠯᠠᠨ᠂ ᠠᠵᠢᠯ ᠢᠶᠠᠷ ᠲᠡᠳᠬᠦᠮᠵᠢ ᠶᠢ ᠣᠷᠣᠯᠠᠭᠤᠯᠬᠤ ᠵᠡᠷᠭᠡ ᠵᠠᠭᠪᠤᠷ ᠢ | ᠰᠠᠶᠢᠲᠤᠷ ᠬᠡᠷᠡᠭᠯᠡᠵᠦ᠂ ᠮᠠᠯᠴᠢᠨ ᠲᠠᠷᠢᠶᠠᠴᠢᠨ ᠢ ᠦᠨᠡᠨ ᠬᠦ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠴᠢ᠂ ᠬᠢᠨᠠᠭᠴᠢ᠂ ᠠᠰᠢᠭ ᠬᠦᠷᠲᠡᠭᠴᠢ | ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠤ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠤᠯᠠᠨ ᠡᠰᠢᠲᠦ ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠳᠤᠲᠠᠭᠳᠠᠯ ᠪᠠᠭᠤᠷᠠᠢ ᠵᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠦᠵᠡᠭᠦᠯᠬᠦ ᠶᠢ ᠲᠤᠪᠤᠶᠢᠯᠭᠠᠵᠦ᠂ ︽ᠮᠢᠩᠭ᠎ᠠ ᠲᠦᠮᠡ ᠶᠢᠨ ᠢᠨᠵᠧᠨᠧᠷᠢᠩ︾ ᠢ ᠰᠤᠷᠤᠯᠴᠠᠨ ᠬᠡᠷᠡᠭᠯᠡᠭᠰᠡᠨ | ᠲᠤᠷᠰᠢᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |