11 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠨᠢᠭᠡᠳᠦᠭᠡᠷ ᠪᠠᠭ᠎ᠠ ᠰᠤᠷᠭᠠᠭᠤᠯᠢ᠂ ᠠᠯᠳ᠋ᠬᠠᠮᠡᠭᠡᠯ ᠪᠠᠯᠭᠠᠰᠤ ᠪᠠ | ᠲᠡᠯᠡᠶ ᠰᠣᠮᠣᠨ ᠳᠤ ᠭᠦᠨᠵᠡᠭᠡᠶᠢᠷᠡᠨ᠂ ᠭᠤᠣᠯ ᠰᠡᠳᠦᠪᠲᠦ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠴᠢᠳ ᠤᠨ ᠦᠢᠯᠡᠳᠪᠦᠷᠢᠯᠡᠯ | ᠠᠮᠢᠳᠤᠷᠠᠯ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠦ᠋ ᠮᠢᠩ ᠡᠾᠦ᠋ᠢ᠂ ᠳ᠋ᠢᠩ ᠸᠠᠨ ᠶᠦᠩ᠂ | ᠤᠯᠠᠭᠠᠨᠲᠤᠶᠠᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠰ ᠲᠣᠰ ᠣᠷᠣᠯᠴᠠᠪᠠ᠃ | | | | | ᠨᠢᠭᠡᠳᠦᠭᠡᠷ ᠪᠠᠭ᠎ᠠ ᠰᠤᠷᠭᠠᠭᠤᠯᠢ ᠳᠤ᠂ ᠪᠥᠬᠡᠪᠠᠶᠠᠷ ᠭᠤᠣᠯ ᠰᠡᠳᠦᠪᠲᠦ ᠬᠥᠮᠦᠵᠢᠯ ᠵᠢᠴᠢ ᠰᠤᠷᠭᠠᠭᠤᠯᠢ ᠶᠢᠨ ᠬᠦᠷᠢᠶᠡᠨ ᠤ ᠰᠣᠶᠣᠯ᠂ ᠰᠠᠭᠤᠷᠢ ᠲᠥᠬᠦᠭᠡᠷᠦᠮᠵᠢ | ᠂ ᠡᠩᠨᠡᠭᠡᠨ ᠤ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ᠃ ᠲᠡᠷᠡ᠂ ︽ᠪᠢᠴᠢᠭ ᠵᠢᠭᠠᠵᠤ ᠬᠥᠮᠥᠨ ᠢ ᠬᠥᠮᠥᠵᠢᠭᠦᠯᠬᠦ︾ ᠢᠷᠠᠭᠤ ᠠᠯᠳᠠᠷᠲᠤ ᠡᠭᠦᠷᠭᠡ | ᠪᠠ ︽ᠶᠣᠰᠣ ᠰᠤᠷᠲᠠᠬᠤᠨ ᠢ ᠪᠣᠶ ᠪᠣᠯᠭᠠᠵᠤ ᠰᠦᠭ ᠰᠦᠨᠡᠰᠦ ᠶᠢ ᠱᠤᠭᠤᠬᠤ︾ ᠴᠢᠬᠤᠯᠠ ᠡᠭᠦᠷᠭᠡ ᠶᠢᠨ ᠲᠣᠭᠤᠷᠢᠨ ᠳᠤ᠂ ᠣᠨᠣᠯ ᠤᠨ ᠰᠤᠷᠤᠯᠴᠠᠯᠭ᠎ᠠ ᠳᠤ ︽ | ᠬᠥᠳᠡᠯᠭᠡᠬᠦ ᠬᠦᠴᠦᠨ︾ ᠲᠠᠢ᠂ ᠠᠵᠢᠯ ᠬᠢᠵᠦ ᠦᠢᠯᠡᠰ ᠴᠣᠭᠴᠠᠯᠠᠬᠤ ᠳᠤ ︽ᠴᠤᠭ ᠰᠦᠯᠳᠡ︾ ᠲᠠᠢ᠂ ᠴᠡᠭᠴᠡᠯᠡᠨ ᠰᠠᠶᠢᠵᠢᠷᠠᠭᠤᠯᠬᠤ ᠶᠢ ᠪᠠᠶᠢᠴᠠᠭᠠᠨ ᠦᠵᠡᠬᠦ ᠳᠤ | ︽ᠲᠤᠯᠭᠠᠮ᠎ᠠ ᠰᠡᠳᠬᠢᠯᠭᠡ︾ ᠲᠠᠢ ᠪᠠᠶᠢᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠤᠷᠭᠠᠭᠤᠯᠢ ᠶᠢᠨ ᠥᠨᠳᠥᠷ ᠬᠢᠷᠢ | ᠲᠦᠪᠰᠢᠨ ᠪᠦᠬᠦᠢ ᠬᠥᠭᠵᠢᠯᠲᠡ ᠶᠢ ᠠᠬᠢᠭᠤᠯᠬᠤ ᠳᠡᠭᠡᠷ᠎ᠡ ᠦᠨᠡᠨ ᠬᠦ ᠢᠯᠡᠷᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ | ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠬᠡᠷᠡᠭᠲᠡᠢ ᠵᠢᠭᠠᠵᠤ ᠭᠠᠷᠭᠠᠪᠠ᠃ | ᠰᠢᠷᠡᠲᠠᠯᠠ ᠭᠠᠴᠠᠭ᠎ᠠ ᠳᠤ᠂ ᠪᠥᠬᠡᠪᠠᠶᠠᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠵᠢᠴᠢ ᠴᠠᠭᠠᠨ | ᠢᠳᠡᠭᠡᠨ ᠢ ᠡᠳ᠋ᠰᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠥᠪᠡᠷᠮᠢᠴᠡ | ᠣᠨᠴᠠᠯᠢᠭᠲᠤ ᠬᠢᠯᠠᠰ ᠴᠡᠭ ᠢ ᠳᠤᠪᠤᠶᠢᠯᠭᠠᠵᠤ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠪᠠ ᠡᠷᠴᠢᠮᠵᠢᠭᠦᠯᠦᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ | ᠪᠠᠷᠢᠮᠲᠠᠯᠠᠵᠤ᠂ ᠤᠳᠤ ᠦᠶ᠎ᠡ ᠶᠢᠨ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ ᠪᠠ ᠡᠵᠡᠩᠨᠡᠯᠲᠡ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠥᠬᠡᠪᠠᠶᠠᠷ ᠳᠠᠯᠠᠢ ᠰᠣᠮᠣ ᠶᠢᠨ ᠪᠦᠷᠢᠳᠦ ᠭᠠᠴᠠᠭᠠᠨ ᠤ ᠮᠠᠯᠴᠢᠨ ᠠᠩᠭᠢᠷ ᠤᠨ ᠭᠡᠷ ᠲᠤ ᠬᠦᠷᠴᠦ᠂ ᠲᠡᠳᠡᠨ ᠤ ᠦᠢᠯᠡᠳᠪᠦᠷᠢᠯᠡᠯ ᠠᠮᠢᠳᠤᠷᠠᠯ ᠳᠤᠮᠳᠠ | ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠠᠷᠢᠯᠢᠭ ᠠᠰᠠᠭᠤᠨ ᠯᠠᠪᠯᠠᠵᠤ᠂ ᠰᠤᠮᠤ ᠶᠢᠨ ᠬᠠᠷᠢᠭᠤᠴᠠᠯᠭᠠᠲᠠᠳ ︽ᠴᠠᠭ ᠢᠮᠠᠭᠲᠠ ᠰᠠᠨᠠᠭᠠᠰᠢᠷᠠᠬᠤ︾ | ᠬᠠᠷᠢᠭᠤᠴᠠᠯᠭᠠᠲᠤ ᠰᠡᠳᠬᠢᠯᠭᠡ ᠪᠠᠷ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠵᠡᠷᠭᠡ ᠠᠵᠢᠯ ᠢ ᠰᠠᠶᠢᠲᠤᠷ ᠬᠢᠵᠦ | ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠡᠭᠦᠯᠳᠡᠷᠵᠢᠭᠦᠯᠵᠦ᠂ ᠡᠪᠦᠯ ᠤᠨ ᠤᠯᠠᠷᠢᠯ ᠤᠨ ᠬᠠᠬᠢᠷ ᠬᠦᠢᠲᠡᠨ ᠴᠠᠰᠤ ᠵᠤᠳ ᠵᠡᠷᠭᠡ ᠣᠨᠴᠠᠭᠠᠢ ᠠᠭᠤᠷ | ᠠᠮᠢᠰᠬᠤᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠢᠳᠡᠪᠬᠢᠲᠡᠢ ᠠᠷᠭᠠᠴᠠᠵᠤ᠂ ᠬᠦᠢᠲᠡᠨ ᠢ ᠰᠡᠷᠭᠡᠶᠢᠯᠡᠨ ᠭᠠᠮᠰᠢᠭ ᠢ ᠰᠡᠷᠭᠡᠶᠢᠯᠡᠵᠦ᠂ ᠠᠷᠠᠳ ᠤᠨ | ᠠᠮᠢᠳᠤᠷᠠᠯ ᠢ ᠪᠠᠲᠤᠯᠠᠵᠤ᠂ ᠠᠷᠠᠳ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠥᠬᠡᠪᠠᠶᠠᠷ ᠳᠠᠯᠠᠶ ᠰᠤᠮᠤ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ | ᠳᠠᠷᠠᠭ᠎ᠠ᠂ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠭᠤᠣᠯ ᠠᠵᠢᠯ᠂ ᠭᠤᠣᠯᠳᠠᠯᠭ᠎ᠠ ᠲᠠᠢ ᠡᠭᠦᠷᠭᠡ ᠪᠠ ᠲᠣᠪᠣᠶᠢᠮ᠎ᠠ ᠠᠰᠠᠭᠤᠳᠠᠯ ᠲᠠᠢ ᠨᠢᠭᠲᠠ | ᠤᠶᠠᠯᠳᠤᠭᠤᠯᠤᠨ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠷ ᠭᠤᠣᠯ ᠰᠡᠳᠦᠪᠲᠦ ᠬᠥᠮᠦᠵᠢᠯ ᠤᠨ ᠴᠢᠬᠤᠯᠠ ᠭᠠᠷᠳᠠᠬᠤ ᠴᠡᠭ ᠪᠣᠯᠭᠠᠵᠤ᠂ | ᠳᠤᠲᠠᠭᠤᠳᠠᠯ ᠢ ᠣᠨᠣᠪᠴᠢᠲᠠᠶ ᠡᠷᠢᠨ ᠣᠯᠵᠤ᠂ ᠠᠷᠠᠳ ᠤᠨ ᠲᠥᠯᠥᠭᠡ ᠠᠵᠢᠯ ᠶᠠᠪᠤᠳᠠᠯ ᠭᠦᠢᠴᠡᠳᠬᠡᠬᠦ᠂ ᠠᠵᠤ ᠦᠢᠯᠡᠰ ᠢ ᠬᠥᠭᠵᠢᠭᠦᠯᠬᠦ᠂ ᠵᠥᠷᠢᠴᠡᠯ | ᠵᠢᠭᠤᠷᠠᠯᠳᠤᠭᠠᠨ ᠢ ᠨᠠᠮᠳᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠠᠴᠠᠭᠠᠨ ᠤ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠰᠡᠳᠦᠪᠲᠦ ᠬᠥᠮᠦᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠢᠨ᠎ᠡ ᠪᠠᠷᠭᠤ | ᠪᠠᠷᠠᠭᠤᠨ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ | | |