ᠨᠠᠰᠤᠲᠠᠨ ᠢ ᠠᠰᠠᠷᠠᠬᠤ ᠠᠴᠠ ︽ᠨᠠᠰᠤᠲᠠᠨ ᠳᠤ ᠵᠢᠷᠭᠠᠯ ᠡᠳ᠋ᠯᠡᠭᠦᠯᠬᠦ︾ ᠪᠣᠯᠭᠠᠵᠤ᠂ ᠨᠡᠶᠢᠭᠡᠮ ᠲᠣᠭᠤᠷᠢᠭ ᠨᠢ ᠨᠠᠰᠤᠲᠠᠶᠢᠴᠤᠳ ᠲᠤ ᠲᠦᠰᠢᠭ ᠲᠤᠯᠭᠠᠭᠤᠷᠢ ᠪᠣᠯᠪᠠ
ᠨᠡᠶᠢᠲᠡᠯᠡᠭᠰᠡᠨ ᠴᠠᠭ᠄
2023/11/27
      ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠨᠢᠭᠡ ᠲᠠᠯ᠎ᠠ ᠨᠢ ᠠᠷᠠᠳ ᠤᠨ ᠠᠮᠢᠳᠤᠷᠠᠯ ᠤᠨ ᠪᠤᠶᠠᠨ ᠬᠡᠰᠢᠭ ᠲᠠᠢ ᠬᠤᠯᠪᠣᠭᠳᠠᠵᠤ᠂ ᠨᠦᠭᠦᠭᠡ ᠲᠠᠯ᠎ᠠ ᠨᠢ ᠠᠵᠤ ᠠᠬᠤᠢ ᠶᠢᠨ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ ᠮᠠᠨ ᠤ ᠬᠤᠰᠢᠭᠤ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠡᠰᠢᠲᠦ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠪᠠᠷ ᠰᠠᠭᠤᠷᠢ ᠣᠨᠴᠠᠯᠢᠭ ᠪᠣᠯᠭᠠᠭᠰᠠᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠵᠠᠭᠪᠤᠷ ᠢ ᠪᠣᠶ ᠪᠣᠯᠭᠠᠵᠤ᠂ ᠤᠷᠢᠳᠴᠢᠯᠠᠨ ᠲᠦᠯᠦᠪᠵᠢᠭᠦᠯᠵᠦ᠂ ᠤᠷᠢᠳᠴᠢᠯᠠᠨ ᠪᠠᠶᠢᠷᠢᠰᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠨᠡᠪᠲᠡᠷᠡᠭᠦᠯᠪᠡ᠃ ᠡᠭᠦᠨ ᠳᠤ᠂ ᠪᠣᠭᠳᠠᠠᠭᠤᠯᠠ ᠰᠤᠮᠤ ᠨᠠᠰᠤᠲᠠᠶᠢᠴᠤᠳ ᠢᠶᠠᠷ ᠰᠠᠭᠤᠷᠢ ᠪᠣᠯᠭᠠᠨ᠂ ᠦᠢᠯᠡᠴᠢᠯᠡᠭᠡ ᠪᠠᠷ ᠠᠷᠭ᠎ᠠ ᠪᠠᠷᠢᠯ ᠪᠣᠯᠭᠠᠵᠤ᠂ ᠡᠷᠡᠭᠦᠯᠵᠢᠯ ᠤᠨ ᠠᠰᠠᠷᠠᠨ ᠲᠡᠵᠢᠭᠡᠬᠦ ᠰᠢᠨ᠎ᠡ ᠠᠷᠭ᠎ᠠ ᠵᠠᠮ ᠢ ᠰᠦᠪᠡᠭᠴᠢᠯᠡᠨ ᠭᠠᠷᠭᠠᠪᠠ᠃
11.27养老1.jpg
      ᠪᠣᠭᠳᠠᠠᠭᠤᠯᠠ ᠰᠤᠮᠤ ᠶᠢᠨ ᠬᠥᠮᠥᠨ ᠠᠮᠠ 921 ᠡᠷᠦᠬᠡ 2391 ᠬᠦᠮᠦᠨ ᠪᠠᠶᠢᠵᠤ᠂ ᠡᠭᠦᠨ ᠳᠤ 60 ᠨᠠᠰᠤᠨ ᠠᠴᠠ ᠳᠡᠭᠡᠭᠰᠢᠬᠢ ᠨᠠᠰᠤᠲᠠᠨ 312᠂ ᠰᠠᠭᠤᠭ᠎ᠠ ᠭᠠᠵᠠᠷ ᠤᠨ ᠪᠠᠶᠢᠩᠭᠤ ᠰᠠᠭᠤᠭ᠎ᠠ ᠰᠠᠭᠤᠭᠠᠯᠢ ᠠᠷᠠᠳ 201 ᠡᠷᠦᠬᠡ 341 ᠬᠦᠮᠦᠨ᠂ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠨ 52 ᠪᠠᠶᠢᠵᠤ᠂ ᠰᠠᠭᠤᠭ᠎ᠠ ᠭᠠᠵᠠᠷ ᠤᠨ ᠪᠥᠬᠦ ᠬᠥᠮᠥᠨ ᠤ ᠲᠣᠭᠠᠨ ᠤ 15.2% ᠢ ᠡᠵᠡᠯᠡᠵᠦ ᠪᠠᠶᠢᠨ᠎ᠠ᠃ ᠬᠠᠷᠢᠶᠠᠲᠤ ᠣᠷᠣᠨ ᠤ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠣᠯᠠᠨ ᠶᠠᠩᠵᠤᠲᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠪᠣᠭᠳᠠᠠᠭᠤᠯᠠ ᠰᠤᠮᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠤᠷᠢᠳᠠᠪᠠᠷ ᠬᠥᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠡᠴᠦᠰ ᠤᠨ ᠨᠢᠭᠡ ᠮᠧᠲᠷ︾ ᠢ ᠨᠠᠪᠲᠠᠷᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠳᠤ ᠬᠦᠴᠦ ᠨᠡᠮᠡᠷᠢᠯᠡᠪᠡ᠃
11.27养老2.jpg
      ᠪᠣᠭᠳᠠᠠᠭᠤᠯᠠ ᠰᠤᠮᠤ ᠶᠢᠨ ᠪᠠᠶᠢᠭ᠎ᠠ ᠭᠠᠵᠠᠷ ᠤᠨ ᠭᠧᠨᠽᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ᠂ ᠰᠢᠲᠠᠷ᠎ᠠ ᠶᠢᠨ ᠦᠷᠦᠭᠡ᠂ ᠹᠢᠽᠢᠺ ᠵᠠᠰᠠᠯ ᠤᠨ ᠦᠷᠦᠭᠡ᠂ ᠤᠯᠠᠨ ᠴᠢᠳᠠᠮᠵᠢᠲᠤ ᠬᠥᠳᠡᠯᠭᠡᠭᠡᠨ ᠤ ᠦᠷᠦᠭᠡ ᠵᠡᠷᠭᠡ ᠨᠢ ᠪᠦᠷᠢᠨ ᠲᠡᠭᠦᠯᠳᠡᠷ ᠪᠠᠶᠢᠵᠤ᠂ ᠭᠠᠵᠠᠷ ᠪᠣᠯᠭᠠᠨ ᠳᠤ ᠳᠡᠷᠢ ᠲᠡᠭᠰᠢ ᠴᠡᠪᠡᠷ ᠴᠡᠮᠴᠡᠭᠡᠷ ᠪᠠᠶᠢᠨ᠎ᠠ᠃ ᠪᠠᠶᠠᠷ ᠪᠠᠶᠠᠰᠬᠤᠯᠠᠩ ᠲᠠᠢ ᠪᠠᠶᠢᠬᠤ ᠪᠣᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠣᠨᠴᠠᠯᠢᠭ ᠮᠥᠨ᠂ ᠡᠭᠦᠨ ᠢᠶᠠᠷ ᠪᠠᠷᠠᠬᠤ ᠦᠭᠡᠢ᠂ ᠪᠣᠭᠳᠠᠠᠭᠤᠯᠠ ᠰᠤᠮᠤ ᠪᠠᠰᠠ ᠪᠠᠶᠠᠷ ᠳᠤᠷᠠᠰᠬᠠᠯ ᠤᠨ ᠡᠳᠦᠷ ᠲᠤ ᠡᠯᠪᠡᠭ ᠪᠠᠶᠠᠯᠢᠭ ᠠᠭᠤᠯᠭ᠎ᠠ ᠲᠠᠢ ᠡᠯ᠎ᠡ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠣᠯᠣᠨ᠎ᠠ᠃ ᠨᠠᠰᠤᠲᠠᠶᠢᠴᠤᠳ ᠤᠨ ᠦᠵᠡᠬᠦ ᠪᠠᠷ᠂ ᠡᠨᠡ ᠬᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠨᠢ ᠨᠢᠭᠡᠨᠲᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽1.0 ᠬᠡᠪᠯᠡᠯ︾ ᠠᠴᠠ 2.0 ᠬᠡᠪᠯᠡᠯ︾ ᠪᠣᠯᠵᠤ ᠲᠠᠰ ᠳᠡᠪᠰᠢᠪᠡ ᠭᠡᠵᠦ ᠶᠠᠷᠢᠵᠠᠭᠠᠪᠠ᠃
11.27养老3.jpg
      ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠨᠢ ᠨᠠᠰᠤᠲᠠᠶᠢᠴᠤᠳ ᠤᠨ ᠪᠤᠶᠠᠨ ᠬᠡᠰᠢᠭ ᠲᠠᠢ ᠬᠤᠯᠪᠣᠭᠳᠠᠬᠤ ᠪᠠᠷ ᠪᠠᠷᠠᠬᠤ ᠦᠭᠡᠢ᠂ ᠪᠠᠰᠠ ᠢᠳᠡᠷ ᠵᠠᠯᠠᠭᠤ ᠨᠠᠰᠤᠨ ᠤ ᠢᠷᠡᠭᠡᠳᠦᠢ ᠶᠢᠨ ᠲᠤᠬᠠᠢ ᠵᠢᠱᠢᠯᠲᠡ ᠶᠢ ᠨᠥᠯᠥᠭᠡᠯᠡᠵᠦ ᠪᠠᠶᠢᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ︽ᠴᠢᠨᠠᠷ ᠴᠢᠨᠰᠠᠭ᠎ᠠ ᠪᠠᠷ ᠨᠠᠰᠤᠲᠠᠨ ᠢ ᠠᠰᠠᠷᠠᠬᠤ︾ ᠪᠠᠷ ᠨᠠᠰᠤᠲᠠᠶᠢᠴᠤᠳ ᠤᠨ ᠵᠣᠯ ᠵᠢᠷᠭᠠᠯ ᠤᠨ ᠬᠦᠷᠲᠡᠭᠡᠯ ᠢ ᠨᠡᠮᠡᠭᠳᠡᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤ ᠤᠷᠢᠳ ᠬᠤᠵᠢᠳ ᠪᠣᠭᠳᠠ ᠠᠭᠤᠯᠠ ᠰᠤᠮᠤ᠂ ᠬᠡᠷᠦᠯᠦᠨ ᠰᠤᠮᠤ᠂ ᠬᠥᠯᠥᠨ ᠪᠠᠯᠭᠠᠰᠤ ᠵᠡᠷᠭᠡ ᠭᠠᠵᠠᠷ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠨᠠᠰᠤᠲᠠᠶᠢᠴᠤᠳ ᠤᠨ ᠤᠯᠠᠨ ᠶᠠᠩᠵᠤᠲᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠬᠠᠶᠢᠷ᠎ᠠ ᠬᠠᠯᠠᠮᠵᠢ ᠲᠠᠢ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠥᠨᠥᠴᠢᠨ ᠪᠡᠯᠪᠡᠰᠦᠨ᠂ ᠭᠠᠭᠴᠠᠭᠠᠷ ᠰᠠᠭᠤᠵᠤ ᠪᠠᠶᠢᠭ᠎ᠠ᠂ ᠭᠡᠷ ᠲᠡᠭᠡᠨ ᠬᠤᠴᠣᠷᠤᠭᠰᠠᠨ ᠪᠠ ᠠᠮᠢᠳᠤᠷᠠᠯ ᠬᠦᠴᠢᠷᠳᠡᠯᠲᠡᠢ ᠨᠠᠰᠤᠲᠠᠶᠢᠴᠤᠳ ᠲᠤ ᠬᠠᠨᠢ ᠪᠣᠯᠬᠤ ᠪᠠᠷ ᠭᠤᠣᠯᠳᠠᠯᠭ᠎ᠠ ᠪᠣᠯᠭᠠᠵᠤ᠂ ᠵᠢᠵᠢᠭ ᠰᠠᠵᠢᠭ ᠦᠢᠯᠡᠴᠢᠯᠡᠭᠡ ᠪᠠ ᠤᠶᠤᠨ ᠰᠠᠨᠠᠭᠠᠨ ᠤ ᠬᠠᠶᠢᠷ᠎ᠠ ᠬᠠᠯᠠᠮᠵᠢ ᠪᠠᠷ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠬᠤ ᠪᠠᠷ ᠦᠷᠬᠦᠯᠵᠢᠯᠡᠨ ᠴᠢᠷᠮᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ