ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠩ ᠪᠠᠯᠭᠠᠰᠤ ᠶᠢᠨ ᠬᠤᠳᠠᠯᠳᠤᠭᠠᠨ ᠤ ᠭᠦᠢᠯᠭᠡᠭᠡ ᠪᠠᠷᠠᠭᠠᠨ ᠤ ᠭᠦᠢᠯᠭᠡᠭᠡᠨ ᠤ ᠨᠢᠭᠡᠳᠦᠯᠲᠡᠢ ᠬᠥᠮᠥᠷᠭᠡ ᠳᠤ ᠨᠡᠶᠢᠲᠡ 6000 ᠲᠡᠭᠰᠢ ᠳᠥᠷᠪᠡᠯᠵᠢᠨ ᠮᠧᠲᠷ ᠤᠨ ᠬᠥᠮᠥᠷᠭᠡᠯᠡᠨ ᠬᠠᠳᠠᠭᠠᠯᠠᠬᠤ ᠬᠥᠮᠥᠷᠭᠡ ᠵᠢᠴᠢ ᠳᠠᠭᠠᠯᠲᠠ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢᠨ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2023/11/28
ᠠᠯᠳ᠋ᠬᠠᠮᠡᠭᠡᠯ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ᠄       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠩ ᠪᠠᠯᠭᠠᠰᠤ ᠶᠢᠨ ᠬᠤᠳᠠᠯᠳᠤᠭᠠᠨ ᠤ ᠭᠦᠢᠯᠭᠡᠭᠡ ᠪᠠᠷᠠᠭᠠᠨ ᠤ ᠭᠦᠢᠯᠭᠡᠭᠡᠨ ᠤ ᠨᠢᠭᠡᠳᠦᠯᠲᠡᠢ ᠬᠥᠮᠥᠷᠭᠡ ᠳᠤ ᠨᠡᠶᠢᠲᠡ 6000 ᠲᠡᠭᠰᠢ ᠳᠥᠷᠪᠡᠯᠵᠢᠨ ᠮᠧᠲᠷ ᠤᠨ ᠬᠥᠮᠥᠷᠭᠡᠯᠡᠨ ᠬᠠᠳᠠᠭᠠᠯᠠᠬᠤ ᠬᠥᠮᠥᠷᠭᠡ ᠵᠢᠴᠢ ᠳᠠᠭᠠᠯᠲᠠ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ 4.4280 ᠾᠧᠺᠲ᠋ᠠᠷ ᠬᠡᠷᠡᠭᠯᠡᠬᠦ ᠪᠠᠷ ᠲᠣᠭᠲᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠎ ᠶᠢᠨ 46 ᠳ᠋ᠤᠭᠠᠷ ᠵᠦᠢᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠎ ᠤᠨ 31 ᠳ᠋ᠦ᠋ᠭᠡᠷ ᠵᠦᠢᠯ ᠵᠡᠷᠭᠡ ᠲᠣᠭᠲᠠᠭᠠᠯ ᠢ ᠦᠨᠳᠦᠰᠦᠯᠡᠨ᠂ ᠭᠠᠵᠠᠷ ᠰᠢᠷᠣᠢ ᠶᠢ ᠬᠡᠷᠡᠭᠯᠡᠬᠦ ᠶᠢ ᠵᠥᠪᠰᠢᠶᠡᠷᠡᠬᠦ ᠵᠦᠢᠯᠡᠰ ᠢ ᠤᠳᠤ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠄       ᠨᠢᠭᠡ᠂ ᠭᠠᠵᠠᠷ ᠰᠢᠷᠣᠢ ᠶᠢ ᠲᠠᠲᠠᠪᠤᠷᠢᠯᠠᠬᠤ ᠶᠢ ᠵᠥᠪᠰᠢᠶᠡᠷᠡᠭᠰᠡᠨ ᠪᠠᠶᠢᠭᠤᠯᠭ᠎ᠠ᠂ ᠪᠢᠴᠢᠭ ᠮᠠᠲ᠋ᠧᠷᠢᠶᠠᠯ ᠤᠨ ᠳ᠋ᠤᠭᠠᠷ ᠵᠢᠴᠢ ᠬᠡᠷᠡᠭᠴᠡᠭᠡ      ᠲᠤᠰ ᠲᠥᠷᠥᠯ ᠵᠦᠢᠯ ᠨᠢ 2023 ᠣᠨ ᠤ 11 ᠰᠠᠷ᠎ᠠ ᠶᠢᠨ 13᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︵ᠥᠪᠥᠷ ᠵᠠᠰᠠᠭ ᠭᠠᠵᠠᠷ ᠰᠢᠷᠣᠢ ᠲᠠᠷᠬᠠᠭᠠᠭᠰᠠᠨ ﹇2023﹈ 1802 ᠳ᠋ᠤᠭᠠᠷ ᠲᠣᠭᠠᠲᠤ︶᠎ ᠤ ᠪᠢᠴᠢᠭ ᠮᠠᠲ᠋ᠧᠷᠢᠶᠠᠯ ᠢᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠠᠯᠳ᠋ᠬᠠᠮᠡᠭᠡᠯ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠲᠠᠷᠢᠶᠠᠯᠠᠩ ᠳᠤ ᠬᠡᠷᠡᠭᠯᠡᠬᠦ ᠭᠠᠵᠠᠷ ︵ᠪᠠᠶᠢᠭᠠᠯᠢ ᠶᠢᠨ ᠪᠡᠯᠴᠢᠭᠡᠷ︶᠎ ᠢ 4.1033 ᠾᠧᠺᠲ᠋ᠠᠷ᠂ ᠠᠰᠢᠭᠯᠠᠭᠠᠳᠤᠢ ᠭᠠᠵᠠᠷ 0.3247 ᠾᠧᠺᠲ᠋ᠠᠷ ︵ᠬᠤᠭᠤᠰᠣᠨ ᠭᠠᠵᠠᠷ 0.2209 ᠾᠧᠺᠲ᠋ᠠᠷ᠂ ᠪᠤᠰᠤᠳ ᠭᠠᠵᠠᠷ 0.1038 ᠾᠧᠺᠲ᠋ᠠᠷ︶᠎ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠬᠤ ᠶᠢ ᠵᠥᠪᠰᠢᠶᠡᠷᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠩ ᠪᠠᠯᠭᠠᠰᠤ ᠶᠢᠨ ᠬᠤᠳᠠᠯᠳᠤᠭᠠᠨ ᠤ ᠭᠦᠢᠯᠭᠡᠭᠡ ᠪᠠᠷᠠᠭᠠᠨ ᠤ ᠭᠦᠢᠯᠭᠡᠭᠡᠨ ᠤ ᠨᠢᠭᠡᠳᠦᠯᠲᠡᠢ ᠬᠥᠮᠥᠷᠭᠡ ᠳᠤ ᠨᠡᠶᠢᠲᠡ 6000 ᠲᠡᠭᠰᠢ ᠳᠥᠷᠪᠡᠯᠵᠢᠨ ᠮᠧᠲᠷ ᠤᠨ ᠬᠥᠮᠥᠷᠭᠡᠯᠡᠨ ᠬᠠᠳᠠᠭᠠᠯᠠᠬᠤ ᠬᠥᠮᠥᠷᠭᠡ ᠵᠢᠴᠢ ᠳᠠᠭᠠᠯᠲᠠ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠲᠣᠬᠢᠷᠠᠭᠤᠯᠤᠨ᠎ᠠ᠃       ᠬᠤᠶᠠᠷ᠂ ᠬᠡᠷᠡᠭᠯᠡᠭᠳᠡᠬᠦ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ᠂ ᠣᠷᠣᠨ ᠪᠠᠶᠢᠷᠢ᠂ ᠭᠠᠵᠠᠷ ᠰᠢᠷᠣᠢ ᠶᠢᠨ ᠲᠦᠷᠦᠯ ᠪᠠ ᠲᠠᠯᠠᠪᠠᠢ      ᠲᠣᠰ ᠲᠥᠷᠥᠯ ᠵᠦᠢᠯ ᠨᠢ ᠠᠯᠳ᠋ᠬᠠᠮᠡᠭᠡᠯ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠡᠯ ᠤᠨ ᠲᠠᠷᠢᠶᠠᠯᠠᠩ ᠳᠤ ᠬᠡᠷᠡᠭᠯᠡᠬᠦ ᠭᠠᠵᠠᠷ 4.1033 ᠾᠧᠺᠲ᠋ᠠᠷ ︵ᠪᠠᠶᠢᠭᠠᠯᠢ ᠶᠢᠨ ᠪᠡᠯᠴᠢᠭᠡᠷ 4.1033 ᠾᠧᠺᠲ᠋ᠠᠷ︶᠂ ᠠᠰᠢᠭᠯᠠᠭᠠᠳᠤᠢ ᠭᠠᠵᠠᠷ 0.3247 ᠾᠧᠺᠲ᠋ᠠᠷ ︵ᠡᠭᠦᠨ ᠳᠤ ᠬᠤᠭᠤᠰᠤᠨ ᠭᠠᠵᠠᠷ 0.2209 ᠾᠧᠺᠲ᠋ᠠᠷ᠂ ᠪᠤᠰᠤᠳ ᠭᠠᠵᠠᠷ 0.1038 ᠾᠧᠺᠲ᠋ᠠᠷ︶᠎ ᠢ ᠬᠡᠷᠡᠭᠯᠡᠬᠦ ᠳᠤ ᠬᠤᠯᠪᠣᠭᠳᠠᠨ᠎ᠠ᠃       ᠭᠤᠷᠪᠠ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠦᠯᠦᠪᠦᠷᠢᠯᠡᠬᠦ ᠪᠠᠷᠢᠮᠵᠢᠶ᠎ᠠ᠂ ᠲᠥᠪᠬᠢᠨᠡᠭᠦᠯᠬᠦ ᠠᠷᠭ᠎ᠠ ᠪᠠ ᠨᠡᠶᠢᠭᠡᠮ ᠤᠨ ᠪᠠᠲᠤᠯᠠᠭ᠎ᠠ      ᠲᠤᠰ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠬᠡᠷᠡᠭᠯᠡᠬᠦ ᠪᠠᠷ ᠪᠠᠶᠢᠭ᠎ᠠ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ ᠭᠠᠳᠠᠭᠰᠢ ᠳᠠᠭᠠᠭᠠᠴᠢᠯᠠᠭᠤᠯᠤᠭᠰᠠᠨ ᠦᠭᠡᠢ᠂ ᠭᠡᠷ ᠪᠠᠶᠢᠰᠢᠩ ᠵᠡᠷᠭᠡ ᠭᠠᠵᠠᠷ ᠳᠡᠭᠡᠷᠡᠬᠢ ᠪᠠᠷᠢᠯᠭ᠎ᠠ ᠪᠠ ᠲᠠᠷᠢᠶᠠᠨ ᠴᠢᠬᠢ᠂ ᠭᠠᠵᠠᠷ ᠳᠡᠭᠡᠷᠡᠬᠢ ᠪᠤᠰᠤᠳ ᠳᠠᠭᠠᠯᠲᠠ ᠪᠣᠳᠠᠰ ᠪᠠᠶᠢᠬᠤ ᠦᠭᠡᠢ᠃ ᠤᠯᠤᠰ ᠤᠨ ᠥᠮᠴᠢᠯᠡᠯ ᠤᠨ ᠭᠠᠵᠠᠷ ᠰᠢᠷᠣᠢ ᠪᠠᠨ ᠬᠡᠷᠡᠭᠯᠡᠭᠦᠯᠦᠭᠰᠡᠨ ᠨᠢᠭᠡᠴᠡ ᠲᠥᠯᠥᠪᠦᠷᠢ ᠥᠭᠬᠦ ᠦᠭᠡᠢ ᠭᠡᠵᠦ ᠵᠥᠪᠰᠢᠶᠡᠷᠡᠪᠡ᠃ ᠲᠣᠰ ᠲᠥᠷᠥᠯ ᠵᠦᠢᠯ ᠳᠤ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ ᠬᠡᠷᠡᠭᠯᠡᠭᠰᠡᠨ ᠮᠥᠷᠲᠡᠭᠡᠨ ᠭᠠᠵᠠᠷ ᠰᠢᠷᠣᠢ ᠶᠢᠨ ᠬᠡᠷᠡᠭᠯᠡᠬᠦ ᠡᠷᠬᠡ ᠦᠭᠡᠢ ᠬᠥᠮᠥᠨ᠂ ᠨᠡᠶᠢᠭᠡᠮ ᠤᠨ ᠪᠠᠲᠤᠯᠠᠭ᠎ᠠ ᠪᠠᠷ ᠲᠠᠷᠢᠶᠠᠯᠠᠩ ᠮᠠᠯ ᠠᠵᠤ ᠠᠬᠤᠢ ᠶᠢᠨ ᠬᠥᠮᠥᠨ ᠠᠮᠠ ᠶᠢ ᠲᠥᠪᠬᠢᠨᠡᠭᠦᠯᠬᠦ ᠳᠤ ᠬᠤᠯᠪᠣᠭᠳᠠᠬᠤ ᠦᠭᠡᠢ ᠤᠴᠢᠷ ᠠᠴᠠ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢᠭᠡᠨᠲᠡ ᠬᠤᠯᠪᠣᠭᠳᠠᠯ ᠪᠦᠬᠦᠢ ᠵᠠᠯᠭᠠᠮᠵᠢ ᠠᠵᠢᠯ ᠢ ᠰᠠᠶᠢᠲᠤᠷ ᠬᠢᠬᠦ ᠪᠠᠷ ᠠᠮᠠᠯᠠᠭᠰᠠᠨ ᠪᠠᠶᠢᠨ᠎ᠠ᠃       ᠳᠥᠷᠪᠡ᠂ ᠪᠤᠰᠤᠳ ᠵᠦᠢᠯ       ᠭᠠᠵᠠᠷ ᠰᠢᠷᠣᠢ ᠶᠢ ᠬᠡᠷᠡᠭᠯᠡᠬᠦ ᠠᠯᠪᠠᠨ ᠵᠠᠷ ᠤᠨ ᠬᠤᠭᠤᠴᠠᠭ᠎ᠠ ᠨᠢ 15 ᠡᠳᠦᠷ ᠪᠣᠯᠣᠨ᠎ᠠ᠃ ᠲᠣᠰ ᠠᠯᠪᠠᠨ ᠵᠠᠷ ᠢ ᠭᠠᠵᠠᠷ ᠰᠢᠷᠣᠢ ᠶᠢ ᠬᠡᠷᠡᠭᠯᠡᠬᠦ ᠳᠤ ᠬᠤᠯᠪᠣᠭᠳᠠᠭᠰᠠᠨ ᠭᠠᠵᠠᠷ ᠣᠷᠣᠨ ᠵᠢᠴᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠳᠤ ᠵᠠᠷᠯᠠᠨ᠎ᠠ᠃ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠣᠨᠳᠣᠣ ᠰᠠᠨᠠᠯ ᠲᠠᠢ ᠪᠣᠯ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠣᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ᠂ ᠬᠠᠤᠯᠢ ᠳᠤ ᠲᠣᠭᠲᠠᠭᠠᠭᠰᠠᠨ ᠪᠠᠶᠢᠳᠠᠯ ᠢ ᠭᠠᠷᠭᠠᠪᠠᠯ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠬᠡᠷᠡᠭᠵᠢᠭᠦᠯᠦᠯᠲᠡ ᠶᠢ ᠵᠣᠭᠰᠤᠭᠠᠬᠤ ᠦᠭᠡᠢ᠃                      ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2023 ᠣᠨ ᠤ 11 ᠰᠠᠷ᠎ᠠ ᠶᠢᠨ 27 ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ