ᠪᠡᠶ᠎ᠡ ᠶᠢᠨ ᠲᠠᠮᠢᠷ ᠤᠨ ᠬᠢᠴᠢᠶᠡᠯ ᠢ ᠭᠤᠤᠯ ᠪᠤᠰᠤ ᠬᠢᠴᠢᠶᠡᠯ ᠪᠠᠶᠢᠭᠰᠠᠨ ᠠᠴᠠ ᠨᠢ ᠭᠤᠤᠯ ᠬᠢᠴᠢᠶᠡᠯ ᠪᠤᠯᠭᠠᠬᠰᠠᠨ ᠭᠡᠨ᠎ᠡ ᠤᠤ︖ ᠰᠤᠷᠭᠠᠨ ᠬᠥᠮᠦᠵᠢᠯ ᠤᠨ ᠶᠠᠮᠤᠨ ᠤ ᠬᠢᠨ ᠬᠠᠷᠢᠭᠤ ᠥᠭᠪᠡ
ᠨᠡᠶᠢᠲᠡᠯᠡᠭᠰᠡᠨ ᠴᠠᠭ᠄
2023/11/28
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ︽ᠪᠡᠶ᠎ᠡ ᠶᠢᠨ ᠲᠠᠮᠢᠷ ᠤᠨ ᠬᠢᠴᠢᠶᠡᠯ ᠢ ᠭᠤᠤᠯ ᠪᠤᠰᠤ ᠬᠢᠴᠢᠶᠡᠯ ᠪᠠᠶᠢᠭᠰᠠᠨ ᠠᠴᠠ ᠨᠢ ᠭᠤᠤᠯ ᠬᠢᠴᠢᠶᠡᠯ ᠪᠣᠯᠭᠠᠵᠤ᠂ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠬᠤ ᠲᠤᠬᠠᠶ ᠰᠠᠨᠠᠭᠤᠯᠭ᠎ᠠ︾᠎ ᠶᠢᠨ ᠲᠤᠬᠠᠢ ᠬᠠᠷᠢᠭᠤ ᠥᠭᠪᠡ᠃      ︽ᠪᠡᠶ᠎ᠡ ᠶᠢᠨ ᠲᠠᠮᠢᠷ ᠤᠨ ᠬᠢᠴᠢᠶᠡᠯ ᠢ ᠭᠤᠤᠯ ᠪᠤᠰᠤ ᠬᠢᠴᠢᠶᠡᠯ ᠪᠠᠶᠢᠭᠰᠠᠨ ᠠᠴᠠ ᠨᠢ ᠭᠤᠤᠯ ᠬᠢᠴᠢᠶᠡᠯ ᠪᠤᠯᠭᠠᠬᠤ ᠵᠢᠭᠠᠨ ᠰᠤᠷᠭᠠᠯᠲᠠ︾᠎ ᠶᠢᠨ ᠰᠠᠨᠠᠭᠤᠯᠭ᠎ᠠ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠤ ᠬᠢᠨ ᠬᠡᠯᠡᠬᠦ ᠳᠡᠭᠡᠨ᠂ ᠤᠯᠤᠰ ᠤᠨ ᠬᠢᠴᠢᠶᠡᠯ ᠤᠨ ᠲᠥᠰᠦᠯ ᠳᠤ ᠬᠢᠴᠢᠶᠡᠯᠯᠡᠬᠦ ᠬᠢᠴᠢᠶᠡᠯ ᠲᠥᠷᠥᠯ ᠳᠤ ᠭᠤᠤᠯ ᠪᠠ ᠭᠤᠤᠯ ᠪᠤᠰᠤ ᠶᠢᠨ ᠢᠯᠭᠠᠯ ᠭᠡᠵᠦ ᠪᠠᠶᠢᠬᠤ ᠥᠬᠡᠶ᠃ ᠡᠯ᠎ᠡ ᠬᠢᠴᠢᠶᠡᠯ ᠲᠥᠷᠥᠯ ᠳᠤ ᠴᠥᠮ ᠬᠥᠮᠦᠨ ᠬᠥᠮᠦᠵᠢᠭᠦᠯᠬᠦ ᠥᠪᠡᠷᠮᠢᠴᠡ ᠦᠨ᠎ᠡ ᠥᠷᠲᠡᠭ ᠲᠠᠢ ᠪᠠᠶᠢᠳᠠᠭ ᠪᠦᠭᠡᠳ ᠬᠤᠭᠤᠷᠣᠨᠳᠣ ᠨᠢ ᠣᠷᠣᠯᠠᠭᠤᠯᠵᠤ ᠪᠣᠯᠬᠤ ᠥᠬᠡᠶ ᠮᠥᠷᠲᠡᠭᠡᠨ ᠡᠯ᠎ᠡ ᠬᠢᠴᠢᠶᠡᠯ ᠲᠥᠷᠥᠯ ᠳᠤ ᠬᠠᠷᠢᠯᠴᠠᠨ ᠬᠠᠮᠵᠢᠯᠴᠠᠵᠤ᠂ ᠬᠠᠮᠵᠢᠯᠴᠠᠨ ᠬᠥᠮᠦᠨ ᠬᠥᠮᠦᠵᠢᠭᠦᠯᠵᠦ᠂ ᠬᠥᠮᠦᠵᠢᠭᠦᠯᠬᠦ ᠬᠠᠷᠠᠯᠲᠠ ᠪᠠᠨ ᠪᠡᠶᠡᠯᠡᠬᠦᠯᠬᠦ ᠶᠢ ᠦᠨᠡᠨ ᠬᠦ ᠪᠠᠲᠤᠯᠠᠨ᠎ᠠ ᠭᠡᠵᠦ ᠲᠤᠭᠳᠠᠭᠠᠪᠠ ᠭᠡᠵᠡᠢ᠃      ︽ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠪᠢᠴᠢᠭ ᠢ ᠰᠦᠢᠳᠬᠡᠯ ᠦᠯᠦ ᠬᠤᠷᠢᠶᠠᠬᠤ ᠵᠢᠭᠠᠬᠤ ᠮᠠᠲ᠋ᠧᠷᠢᠶᠠᠯ ᠪᠣᠯᠭᠠᠬᠤ︾ ᠰᠠᠨᠠᠭᠤᠯᠭ᠎ᠠ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠤ ᠬᠢᠨ ᠬᠠᠷᠢᠭᠤ ᠥᠭᠬᠦ ᠳᠡᠭᠡᠨ᠂ 2015 ᠣᠨ ᠤ 11 ᠰᠠᠷ᠎ᠠ ᠳᠤ᠂ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠤᠯᠠᠮ ᠴᠢᠨᠠᠬᠰᠢᠳᠠ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶ᠎ᠠ ᠲᠠᠷᠬᠠᠭᠠᠭᠰᠠᠨ〔2015〕67 ᠳ᠋ᠤᠭᠠᠷ ᠲᠣᠭᠠᠲᠤ︶᠎ ᠳᠤ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠵᠦ᠂ ᠰᠦᠢᠳᠬᠡᠯ ᠬᠤᠷᠢᠶᠠᠬᠤ ᠦᠭᠡᠶ ᠪᠠᠷ ᠬᠢᠴᠢᠶᠡᠯ ᠤᠨ ᠪᠢᠴᠢᠭ ᠬᠠᠩᠭᠠᠵᠦ᠂ ᠭᠡᠷ ᠪᠦᠯᠢ ᠶᠢᠨ ᠠᠵᠤ ᠠᠬᠤᠶ ᠨᠢ  ᠬᠦᠴᠢᠷᠳᠡᠯᠲᠡᠶ ᠪᠠᠶᠢᠷᠢ ᠳᠤ ᠰᠠᠭᠤᠭ᠎ᠠ ᠰᠤᠷᠤᠭᠴᠢᠳ ᠲᠤ ᠠᠮᠢᠳᠤᠷᠠᠯ ᠤᠨ ᠨᠥᠬᠦᠪᠥᠷᠢ ᠥᠭᠬᠦᠨ᠎ᠡ ︵︿ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ﹀ ᠭᠡᠵᠦ ᠶᠡᠷᠦᠩᠬᠡᠶᠢᠯᠡᠨ ᠨᠡᠷᠡᠶᠢᠳᠪᠡ︶︾ ᠭᠡᠵᠦ ᠲᠣᠭᠲᠠᠭᠠᠵᠠᠶ᠃ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠵᠢᠭᠠᠬᠤ ᠮᠠᠲ᠋ᠧᠷᠢᠶᠠᠯ ᠨᠢ ᠤᠯᠤᠰ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠪᠣᠯᠤᠭᠰᠠᠨ ᠤ ᠬᠤᠪᠢ ᠳᠤ᠂ ᠲᠥᠪ ᠤᠨ ᠪᠥᠬᠦ ᠲᠤᠭ᠎ᠠ ᠪᠠᠷ ᠡᠭᠦᠷᠭᠡᠯᠡᠵᠦ ᠪᠠᠶᠢᠭ᠎ᠠ ᠰᠦᠢᠳᠭᠡᠯ ᠬᠤᠷᠢᠶᠠᠬᠤ ᠥᠬᠡᠶ ᠵᠢᠭᠠᠬᠤ ᠮᠠᠲ᠋ᠧᠷᠢᠶᠠᠯ ᠪᠣᠯᠤᠭᠰᠠᠭᠠᠷ ᠢᠷᠡᠵᠡᠶ ᠬᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ