︽3 + 1 + 2︾ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠠᠭᠪᠤᠷ ᠢ ᠴᠤᠬᠤᠮ ᠶᠠᠭᠠᠬᠢᠵᠤ ᠰᠢᠯᠭᠠᠬᠤ ᠪᠣᠶ︖
ᠨᠡᠶᠢᠲᠡᠯᠡᠭᠰᠡᠨ ᠴᠠᠭ᠄
2023/11/28
       2022 ᠣᠨ ᠳᠤ᠂ ᠥᠪᠥᠷ ᠮᠣᠩᠭᠤᠯ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠯᠭᠠᠯᠲᠠ ᠬᠢᠵᠦ ᠰᠣᠷᠣᠭᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ︾᠎ ᠢ ᠨᠡᠶᠢᠲᠡᠯᠡᠵᠦ᠂ 2022 ᠣᠨ ᠤ ᠨᠠᠮᠤᠷ‌‍ᠰᠤᠷᠭᠠᠭᠤᠯᠢ ᠳᠤ ᠤᠷᠤᠭᠰᠠᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢᠳ ᠲᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠵᠤ᠂ 2025 ᠣᠨ ᠠᠴᠠ ᠡᠬᠢᠯᠡᠨ ᠥᠪᠥᠷ ᠮᠣᠩᠭᠤᠯ ︽3 +  1  +  2︾  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠠᠭᠪᠤᠷ ᠢ ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭᠠᠪᠡ᠃        ︽3 + 1 + 2︾᠎  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠠᠭᠪᠤᠷ ᠢ ᠴᠤᠬᠤᠮ ᠶᠠᠭᠠᠬᠢᠵᠤ ᠰᠢᠯᠭᠠᠬᠤ ᠪᠣᠶ︖ ᠰᠤᠷᠤᠭᠴᠢ ᠬᠡᠷᠬᠢᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠢᠴᠢᠶᠡᠯ ᠢ ᠰᠣᠩᠭᠤᠬᠤ ᠪᠤᠢ︖ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷᠢᠨ ᠲᠠᠶᠢᠯᠤᠮᠵᠢ ᠬᠢᠪᠠ᠄ ︽3︾ ᠭᠡᠳᠡᠭ ᠨᠢ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 ᠬᠢᠴᠢᠶᠡᠯ ᠲᠥᠷᠥᠯ ᠢ ᠵᠢᠭᠠᠵᠤ ᠪᠤᠢ᠂ ᠡᠭᠦᠨ ᠳᠤ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠦ ᠬᠤᠪᠢᠶᠠᠬᠤ ᠥᠬᠡᠶ︔ ︽1︾ ᠭᠡᠳᠡᠭ ᠨᠢ ᠲᠡᠦᠬᠡ ᠪᠤᠶᠤ ᠹᠢᠽᠢᠺ ᠤᠨ ᠬᠢᠴᠢᠶᠡᠯ ᠲᠥᠷᠥᠯ ᠤᠨ ᠳᠣᠲᠣᠷ᠎ᠠ ᠠᠴᠠ ᠨᠢᠭᠡ ᠲᠥᠷᠥᠯ ᠢ ᠨᠢ ᠰᠣᠩᠭᠤᠬᠤ ᠶᠢ ᠵᠢᠭᠠᠵᠤ ᠪᠤᠢ︔ ︽2︾ ᠭᠡᠳᠡᠭ ᠨᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠶ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 4 ᠬᠢᠴᠢᠶᠡᠯ ᠲᠥᠷᠥᠯ ᠠᠴᠠ 2 ᠲᠦᠷᠦᠯ ᠤᠨ ᠬᠢᠴᠢᠶᠡᠯ ᠰᠤᠩᠭᠤᠬᠰᠠᠨ ᠤ ᠲᠠᠷᠠᠭ᠎ᠠ ᠳᠠᠬᠢᠨ ᠬᠢᠴᠢᠶᠡᠯ ᠲᠥᠷᠥᠯ ᠰᠣᠩᠭᠤᠬᠤ ᠶᠢ ᠵᠢᠭᠠᠵᠤ ᠪᠤᠢ᠃ ᠡᠭᠦᠨ ᠳᠤ᠂ ︽1 + 2︾ ᠬᠢᠴᠢᠶᠡᠯ ᠲᠥᠷᠥᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠰᠡᠳᠦᠪ ᠭᠠᠷᠭᠠᠬᠤ ᠶᠢᠨ ᠬᠠᠮᠲᠤ ᠰᠢᠯᠭᠠᠯᠲᠠ ᠶᠢ  ᠵᠣᠬᠢᠶᠠᠨ ᠪᠠᠶᠢᠭᠤᠯᠵᠤ᠂ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠲᠠᠢ ᠠᠳᠠᠯᠢ ᠬᠤᠭᠤᠴᠠᠭᠠᠨ ᠳᠤ ᠶᠠᠪᠤᠭᠳᠠᠭᠤᠯᠤᠨ᠎ᠠ᠃        ︽3 + 1 + 2︾᠎ ᠤᠨ ᠵᠠᠭᠪᠤᠷ ᠲᠤᠳᠤᠷᠠᠬᠢ ᠨᠡᠶᠢᠲᠡ 12 ᠵᠦᠢᠯ ᠤᠨ ᠬᠠᠮ ᠬᠡᠯᠪᠡᠷᠢ ᠶᠢ ᠰᠤᠷᠤᠭᠴᠢᠳ ᠥᠪᠡᠰᠦᠪᠡᠨ ᠪᠡᠶ᠎ᠡ ᠪᠠᠨ ᠲᠠᠭᠠᠭᠠᠨ ᠰᠣᠩᠭᠤᠵᠤ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠢ ᠠᠭᠤᠰᠤᠯᠴᠠᠭᠤᠯᠵᠤ ᠪᠤᠯᠤᠨ᠎ᠠ᠂ ᠡᠨᠡ ᠨᠢ ᠹᠢᠽᠢᠺ᠂ ᠲᠡᠦᠬᠡ ᠶᠢᠨ ᠰᠢᠨᠵᠢᠯᠡᠭᠡᠨ ᠤ ᠰᠠᠭᠤᠷᠢ ᠴᠢᠨᠠᠷᠲᠠᠶ ᠦᠢᠯᠡᠳᠦᠯ ᠢ ᠢᠯᠡᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠠᠳᠠᠯᠢ ᠪᠤᠰᠤ ᠬᠢᠴᠢᠶᠡᠯ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠰᠣᠩᠭᠤᠬᠤ ᠬᠡᠷᠡᠭᠴᠡᠭᠡ ᠶᠢ ᠳᠣᠪᠤᠶᠢᠯᠭᠠᠭᠰᠠᠨ ᠮᠥᠷᠲᠡᠭᠡᠨ ᠪᠠᠰᠠ ᠰᠤᠷᠤᠭᠴᠢᠳ ᠤᠨ ᠰᠣᠩᠭᠤᠯᠲᠠ ᠶᠢ ᠨᠠᠩ ᠬᠦᠨᠳᠦᠳᠬᠡᠵᠦ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠴᠢᠬᠤᠯᠠᠴᠢᠯᠠᠪᠠ᠃ ᠰᠤᠷᠤᠭᠴᠢᠳ ᠬᠤᠪᠢ ᠬᠥᠮᠦᠨ ᠤ ᠳᠤᠷ᠎ᠠ ᠪᠠᠬ᠎ᠠ᠂ ᠳᠤᠷ᠎ᠠ ᠰᠣᠨᠢᠷᠬᠠᠯ᠂ ᠣᠨᠴᠠ ᠴᠢᠳᠠᠪᠤᠷᠢ ᠪᠠ ᠰᠢᠯᠭᠠᠭᠤᠯᠬᠤ ᠪᠠᠷ ᠪᠠᠶᠢᠭ᠎ᠠ ᠰᠤᠷᠭᠠᠭᠤᠯᠢ᠂ ᠲᠤᠰᠬᠠᠶ ᠮᠡᠷᠭᠡᠵᠢᠯ ᠤᠨ ᠰᠣᠩᠭᠤᠨ ᠰᠢᠯᠭᠠᠬᠤ ᠬᠢᠴᠢᠶᠡᠯ ᠲᠥᠷᠥᠯ ᠵᠡᠷᠭᠡ ᠱᠠᠭᠠᠷᠳᠠᠯᠭ᠎ᠠ ᠶᠢ ᠦᠨᠳᠦᠰᠦᠯᠡᠨ᠂ 12 ᠵᠦᠢᠯ ᠤᠨ ᠬᠠᠮ ᠬᠡᠯᠪᠡᠷᠢ ᠳᠣᠲᠣᠷ᠎ᠠ ᠠᠴᠠ ᠪᠡᠶ᠎ᠡ ᠪᠠᠨ ᠲᠠᠭᠠᠭᠠᠨ ᠰᠣᠩᠭᠤᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ ᠡᠴᠦᠰ ᠤᠨ ᠲᠤᠬᠳᠠᠭᠠᠯ ᠭᠠᠷᠭᠠᠵᠤ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ᠂ ᠰᠤᠷᠤᠭᠴᠢᠳ ᠬᠢᠴᠢᠶᠡᠯ ᠰᠣᠩᠭᠤᠬᠤ ᠳᠠᠭᠠᠨ ᠡᠯ᠎ᠡ ᠵᠦᠢᠯ ᠤᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷ ᠤᠨ ᠠᠬᠠᠮᠠᠳ᠂ ᠪᠠᠭᠰᠢ ᠶᠢᠨ ᠰᠠᠨᠠᠯ ᠢ ᠰᠣᠨᠣᠰᠴᠤ᠂ ᠪᠣᠯᠭᠤᠮᠵᠢᠲᠠᠶ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ ᠰᠣᠩᠭᠤᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠰᠣᠩᠭᠤᠭᠰᠠᠨ ᠬᠢᠴᠢᠶᠡᠯ ᠲᠥᠷᠥᠯ ᠢᠶᠠᠨ ᠬᠤᠪᠢᠷᠠᠭᠤᠯᠵᠤ ᠪᠣᠯᠬᠤ ᠥᠬᠡᠶ ᠭᠡᠵᠦ ᠰᠠᠨᠠᠭᠤᠯᠪᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ