40 ᠲᠦᠮᠡᠨ ᠰᠢᠷᠭᠡᠭ ᠡᠭᠦᠳᠡᠨ ᠪᠢᠯᠧᠲ ᠢ ᠤᠳᠠᠯ ᠦᠭᠡᠢ ᠬᠤᠳᠠᠯᠳᠤᠬᠤ ᠭᠡᠵᠦ ᠪᠠᠶᠢᠨ᠎ᠠ︕
ᠨᠡᠶᠢᠲᠡᠯᠡᠭᠰᠡᠨ ᠴᠠᠭ᠄
2023/11/28
      ᠷᠦᠲ᠋ᠧᠷ ᠬᠤᠷᠢᠶ᠎ᠠ ᠶᠢᠨ ᠮᠡᠳᠡᠭᠡᠯᠡᠭᠰᠡᠨ ᠢᠶᠠᠷ᠂ ᠫᠠᠷᠢᠰ ᠤᠨ ᠣᠯᠢᠮᠫᠢᠺ ᠤᠨ  ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠬᠢᠨ 22 ᠤᠨ ᠡᠳᠦᠷ ᠬᠡᠯᠡᠬᠦ ᠳᠡᠭᠡᠨ᠂ ᠲᠣᠰ ᠰᠠᠷ᠎ᠠ ᠶᠢᠨ ᠰᠡᠭᠦᠯᠴᠢ ᠪᠠᠷ᠂ ᠥᠭᠡᠷ᠎ᠡ ᠪᠠᠷ ᠬᠡᠯᠡᠪᠡᠯ ᠲᠤᠬᠠᠶ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 30 ᠤ ᠡᠳᠦᠷ 2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠡᠭᠦᠳᠡᠨ ᠪᠢᠯᠧᠲ ᠢ ᠪᠠᠷᠤᠭ 40 ᠲᠦᠮᠡᠨ ᠰᠢᠷᠭᠡᠭ ᠬᠤᠳᠠᠯᠳᠤᠬᠤ ᠪᠠᠷ ᠪᠠᠶᠢᠨ᠎ᠠ ᠭᠡᠵᠡᠶ᠃ ᠮᠡᠳᠡᠭᠡᠯᠡᠯ ᠳᠤ᠂ ᠲᠣᠰ ᠤᠳᠠᠭ᠎ᠠ ᠬᠤᠳᠠᠯᠳᠤᠬᠤ ᠭᠡᠵᠦ ᠪᠠᠶᠢᠭ᠎ᠠ ᠡᠭᠦᠳᠡᠨ ᠪᠢᠯᠧᠲ ᠤᠨ ᠭᠤᠷᠪᠠᠨ ᠤ ᠨᠢᠭᠡ ᠬᠤᠪᠢ ᠶᠢᠨ ᠪᠢᠯᠧᠲ ᠢ ᠪᠠᠷᠤᠭ 50 ᠧᠦ᠋ᠷᠣᠫᠠ ᠵᠣᠭᠤᠰ ︵ᠠᠷᠠᠳ ᠤᠨ ᠵᠣᠭᠤᠰ ᠢᠶᠠᠷ ᠪᠠᠷᠤᠭ 390 ᠲᠥᠭᠦᠷᠢᠭ︶ ᠠᠴᠠ ᠬᠢᠮᠳᠡ ᠦᠨ᠎ᠡ ᠪᠠᠷ ᠬᠤᠳᠠᠯᠳᠤᠨ᠎ᠠ ︔ ᠭᠤᠷᠪᠠᠨ ᠤ ᠬᠤᠶᠠᠷ ᠬᠤᠪᠢ ᠶᠢᠨ ᠪᠢᠯᠧᠲ ᠢ ᠪᠠᠷᠤᠭ 100 ᠧᠦ᠋ᠷᠣᠫᠠ ᠵᠣᠭᠤᠰ ︵ᠠᠷᠠᠳ ᠤᠨ ᠵᠣᠭᠤᠰ ᠢᠶᠠᠷ ᠪᠠᠷᠤᠭ 780 ᠲᠥᠭᠦᠷᠢᠭ︶ ᠠᠴᠠ ᠬᠢᠮᠳᠡ ᠦᠨ᠎ᠡ  ᠪᠠᠷ ᠬᠤᠳᠠᠯᠳᠤᠨ᠎ᠠ᠃ ᠡᠭᠦᠨ ᠠᠴᠠ ᠡᠮᠦᠨ᠎ᠡ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠡᠭᠦᠳᠡᠨ ᠪᠢᠯᠧᠲ ᠤᠨ ᠦᠨ᠎ᠡ ᠨᠢ ᠦᠨᠡᠲᠡᠶ ᠪᠠᠶᠢᠬᠤ ᠪᠠ ᠬᠤᠯᠪᠤᠵᠤ ᠪᠣᠷᠣᠯᠠᠭᠤᠯᠬᠤ ᠵᠡᠷᠭᠡ ᠠᠰᠠᠭᠤᠳᠠᠯ ᠠᠴᠠ ᠪᠣᠯᠵᠣ ᠮᠠᠷᠭᠤᠯᠳᠤᠭᠠᠨ ᠡᠭᠦᠰᠴᠦ ᠥᠩᠭᠡᠷᠡᠵᠡᠶ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ