ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠪᠢᠴᠢᠭ ᠮᠠᠲ᠋ᠧᠷᠢᠶᠠᠯ | ᠪᠠᠭᠤᠯᠭᠠᠵᠤ᠂ ᠪᠥᠬᠦ ᠣᠷᠣᠨ ᠳᠤ 12 ᠰᠠᠷ᠎ᠠ ᠶᠢᠨ 1 ᠤ ᠡᠳᠦᠷ ᠠᠴᠠ ᠡᠬᠢᠯᠡᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠨᠡᠨ ᠪᠣᠳᠠᠲᠠᠶ ᠥᠩᠭᠡ ᠪᠤᠳᠤᠭ | ᠵᠡᠷᠭᠡ ᠰᠡᠷᠡᠯ ᠤᠨ ᠡᠷᠬᠡᠲᠡᠨ ᠢ ᠢᠯᠡᠳᠲᠡ ᠨᠥᠯᠥᠭᠡᠯᠡᠬᠦ ᠰᠢᠨᠵᠢ ᠪᠠᠶᠢᠳᠠᠯ ᠪᠦᠬᠦᠢ ᠭᠡᠷᠡᠯᠲᠦᠭᠦᠯᠭᠡ ᠶᠢᠨ ᠳ᠋ᠸᠡᠭ ᠵᠡᠷᠭᠡ ᠲᠤᠨᠤᠭ ᠲᠦᠬᠦᠭᠡᠷᠦᠮᠵᠢ ᠶᠢ ᠬᠡᠷᠡᠭᠯᠡᠬᠦ ᠶᠢ ᠪᠥᠬᠦ | ᠲᠠᠯ᠎ᠠ ᠪᠠᠷ ᠬᠤᠷᠢᠬᠯᠠᠬᠤ ᠬᠡᠷᠡᠭᠲᠡᠶ ᠭᠡᠵᠦ ᠱᠠᠭᠠᠷᠳᠠᠪᠠ᠃ | ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠠᠰᠠᠪᠤᠷᠢ ᠣᠷᠣᠭᠤᠯᠤᠭᠰᠠᠨ ︽ᠢᠳᠡᠰᠢᠨ ᠤ ᠲᠠᠷᠢᠶᠠᠯᠠᠩ ᠤᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ 12 ᠰᠠᠷ᠎ᠠ ᠶᠢᠨ | 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠠᠷᠭ᠎ᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ | ᠪᠣᠷᠣᠯᠠᠭᠤᠯᠤᠭᠴᠢ ᠨᠢ ᠮᠥᠨ ᠯᠡ ᠲᠣᠭᠲᠠᠭᠠᠯ ᠳᠤ ᠨᠡᠶᠢᠴᠡᠬᠦ ᠥᠬᠡᠶ ᠭᠡᠷᠡᠯᠲᠦᠭᠦᠯᠭᠡ ᠶᠢᠨ ᠳ᠋ᠧᠩ ᠢ ᠬᠡᠷᠡᠭᠯᠡᠬᠦ ᠳᠤ ᠬᠦᠷᠪᠡᠯ᠂ ᠰᠢᠶᠠᠨ ᠤ ᠱᠠᠲᠤᠨ ᠠᠴᠠ ᠳᠡᠭᠡᠭᠰᠢᠬᠢ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠡᠷᠡᠮᠵᠢ ᠥᠭᠭᠦᠨ᠎ᠡ︔ ᠵᠠᠯᠠᠷᠠᠭᠤᠯᠬᠤ ᠶᠢ ᠲᠡᠪᠴᠢᠬᠦ | ᠳᠤ ᠬᠦᠷᠪᠡᠯ᠂ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠭᠤᠷᠪᠠᠨ ᠲᠦᠮᠡᠨ ᠲᠥᠭᠦᠷᠢᠭ ᠠᠴᠠ ᠲᠤᠷᠤᠬᠰᠢ ᠵᠣᠭᠤᠰ ᠢᠶᠠᠷ ᠲᠣᠷᠭᠠᠨ᠎ᠡ᠃ ᠬᠡᠷᠡᠭᠯᠡᠭᠴᠢᠳ ᠬᠠᠤᠯᠢ | ᠲᠣᠭᠲᠠᠭᠠᠯ ᠠᠴᠠ ᠵᠥᠷᠢᠴᠡᠭᠰᠡᠨ ᠬᠠᠮᠢᠶ᠎ᠠ ᠪᠦᠬᠦᠢ ᠦᠢᠯᠡ ᠠᠵᠢᠯᠯᠠᠭ᠎ᠠ ᠶᠢ ᠣᠯᠵᠤ ᠮᠡᠳᠡᠪᠡᠯ 12315᠂ 12345 ᠵᠡᠷᠭᠡ ᠳᠤ ᠤᠲᠠᠰᠤᠳᠠᠵᠤ ᠢᠯᠡᠴᠢᠯᠡᠨ | ᠮᠡᠳᠡᠭᠦᠯᠵᠦ ᠪᠣᠯᠤᠨ᠎ᠠ᠃ | | |