ᠣᠶᠢᠷ᠎ᠠ ᠶᠢᠨ ᠬᠤᠭᠤᠴᠠᠭᠠᠨ ᠳᠤ ᠲᠡᠮᠦᠷ ᠤᠨ ᠬᠦᠳᠡᠷ ᠤᠨ ᠦᠨ᠎ᠡ ᠬᠠᠩᠰᠢ ᠦᠷᠭᠦᠯᠵᠢᠯᠡᠨ ᠲᠡᠩᠳᠡᠭᠦᠦ ᠲᠦᠷᠭᠡᠨ ᠥᠰᠴᠦ ᠪᠠᠶᠢᠭ᠎ᠠ ᠬᠡᠪ ᠤᠨ ᠪᠤᠰᠤ ᠪᠠᠶᠢᠳᠠᠯ | ᠭᠠᠷᠤᠭᠰᠠᠨ ᠪᠠᠶᠢᠳᠠᠯ ᠳᠤ ᠴᠢᠭᠯᠡᠭᠦᠯᠦᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠵᠤᠷᠭᠠᠨ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠥᠷᠢᠰᠥᠯᠳᠦᠭᠡᠨ ᠤ ᠲᠣᠪᠴᠢᠶ᠎ᠠ᠂ ᠳᠤᠮᠳᠠᠳᠤ | ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠤᠭᠤᠴᠠᠭᠠᠲᠤ ᠪᠠᠷᠠᠭᠠᠨ ᠤ ᠬᠡᠯᠲᠡᠰ ᠤᠨ ᠬᠢᠨ ᠬᠡᠰᠡᠭ ᠲᠡᠮᠦᠷ ᠤᠨ ᠬᠦᠳᠡᠷ ᠤᠨ | ᠠᠷᠠᠯᠵᠢᠶᠠᠨ ᠤ ᠠᠵᠤ ᠠᠬᠤᠶᠢᠯᠠᠯ ᠪᠣᠯᠤᠨ ᠬᠤᠭᠤᠴᠠᠭᠠᠲᠤ ᠪᠠᠷᠠᠭᠠᠨ ᠤ ᠺᠣᠮᠫᠠᠨᠢ ᠶᠢ ᠵᠣᠬᠢᠶᠠᠨ ᠪᠠᠶᠢᠭᠤᠯᠤᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠤ | ᠠᠬᠤᠶᠢᠯᠠᠯ ᠤᠨ ᠲᠡᠮᠦᠷ ᠤᠨ ᠬᠦᠳᠡᠷ ᠤᠨ ᠪᠡᠯᠡᠨ ᠪᠠᠷᠠᠭ᠎ᠠ ᠪᠣᠯᠤᠨ ᠬᠤᠭᠤᠴᠠᠭᠠᠲᠤ ᠪᠠᠷᠠᠭᠠᠨ ᠤ ᠠᠷᠠᠯᠵᠢᠶ᠎ᠠ ᠳᠤ ᠣᠷᠣᠯᠴᠠᠵᠤ ᠪᠠᠶᠢᠭ᠎ᠠ ᠪᠠᠶᠢᠳᠠᠯ ᠢ ᠣᠶᠢᠯᠠᠭᠠᠬᠰᠠᠨ | ᠪᠦᠭᠡᠳ ᠬᠤᠯᠪᠣᠭᠳᠠᠯ ᠪᠦᠬᠦᠢ ᠠᠵᠤ ᠠᠬᠤᠶᠢᠯᠠᠯ ᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠬᠡᠷᠡᠭᠲᠡᠶ᠂ ᠦᠨ᠎ᠡ ᠥᠰᠬᠦ ᠮᠡᠳᠡᠭᠡ ᠵᠠᠩᠭᠢ ᠶᠢ | ᠬᠤᠳᠠᠯ ᠢᠶᠠᠷ ᠵᠣᠬᠢᠶᠠᠨ ᠲᠠᠷᠬᠠᠭᠠᠵᠤ ᠪᠣᠯᠬᠤ ᠦᠭᠡᠶ᠂ ᠦᠨ᠎ᠡ ᠥᠰᠬᠦ ᠠᠭᠤᠷ ᠠᠮᠢᠰᠬᠤᠯ ᠢ ᠵᠣᠷᠢᠭᠤᠳᠠ ᠦᠯᠢᠶᠡᠨ ᠭᠠᠶᠢᠬᠠᠭᠤᠯᠵᠤ ᠪᠣᠯᠬᠤ ᠦᠭᠡᠶ᠂ | ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠵᠤ ᠪᠣᠯᠬᠤ ᠦᠭᠡᠶ᠂ ᠦᠨ᠎ᠡ ᠬᠠᠩᠰᠢ ᠶᠢ ᠲᠦᠷᠬᠢᠯᠳᠦᠨ ᠥᠰᠬᠡᠵᠦ ᠪᠣᠯᠬᠤ ᠦᠭᠡᠶ᠂ ᠬᠡᠲᠦᠷᠬᠡᠢ ᠵᠠᠪᠰᠢᠨ ᠰᠠᠷᠢᠭᠠᠯᠠᠵᠤ | ᠪᠣᠯᠬᠤ ᠦᠭᠡᠢ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠢ ᠵᠠᠬᠢᠷᠤᠨ ᠡᠵᠡᠮᠳᠡᠵᠦ ᠪᠣᠯᠬᠤ ᠦᠭᠡᠢ ᠭᠡᠵᠦ ᠱᠠᠭᠠᠷᠳᠠᠪᠠ᠃ | | |