ᠲᠦᠪᠯᠡᠷᠡᠩᠭᠦᠢ ᠬᠤᠭᠤᠯᠠᠯᠠᠬᠤ ᠭᠠᠵᠠᠷ ᠲᠠᠢ ᠨᠢᠭᠡᠴᠡ ᠶᠢᠨ ᠬᠤᠭᠤᠯᠠᠨ ᠭᠡᠷ ᠤᠨ ᠡᠵᠡᠩᠨᠡᠯᠲᠡ ᠬᠠᠮᠢᠶᠠᠷᠤᠯᠲᠠ ᠶᠢ ᠤᠯᠠᠮ ᠴᠢᠨᠠᠭᠰᠢᠳᠠ ᠵᠢᠷᠤᠮᠵᠢᠭᠤᠯᠬᠤ ᠶᠢᠨ | ᠲᠥᠯᠥᠭᠡ᠂ ᠣᠶᠢᠷ᠎ᠠ ᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠲᠦᠪᠯᠡᠷᠡᠩᠭᠦᠢ ᠬᠤᠭᠤᠯᠠᠯᠠᠬᠤ ᠭᠠᠵᠠᠷ ᠲᠠᠢ ᠨᠢᠭᠡᠴᠡ ᠳᠤ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ᠃ | | | | ᠲᠤᠰ ᠤᠳᠠᠭᠠᠨ ᠤ ᠪᠠᠶᠢᠴᠠᠭᠠᠯᠲᠠ ᠨᠢ ᠭᠤᠣᠯᠳᠠᠭᠤ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ | ᠬᠦᠷᠢᠶᠡᠯᠡᠩ ᠵᠢᠴᠢ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠯᠪᠠᠨ ᠪᠠᠶᠢᠭᠤᠯᠭ᠎ᠠ ᠶᠢᠨ ᠬᠤᠭᠤᠯᠠᠨ ᠭᠡᠷ ᠢᠶᠠᠷ ᠭᠤᠣᠯᠳᠠᠯᠭ᠎ᠠ ᠪᠣᠯᠭᠠᠵᠤ᠂ | ᠭᠤᠣᠯᠳᠠᠭᠤ ᠲᠦᠪᠯᠡᠷᠡᠩᠭᠦᠢ ᠬᠤᠭᠤᠯᠠᠯᠠᠬᠤ ᠭᠠᠵᠠᠷ ᠲᠠᠢ ᠨᠢᠭᠡᠴᠡ ᠶᠢᠨ ᠠᠵᠤ ᠠᠬᠤᠶᠢᠯᠠᠯ ︵ᠨᠢᠭᠡᠴᠡ︶ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ᠂ ᠢᠳᠡᠭᠡᠨ ᠤ ᠠᠮᠤᠷ ᠲᠦᠪᠰᠢᠨ ᠤ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ | ᠲᠣᠬᠢᠷᠠᠭᠤᠯᠬᠤ︾ ᠳᠦᠷᠢᠮ ᠢ ᠬᠡᠷᠡᠭᠵᠢᠭᠦᠯᠦᠭᠰᠡᠨ᠂ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ | ᠡᠳ᠋ᠰᠢᠭᠦᠯᠦᠨ ᠠᠵᠢᠯᠯᠠᠭᠤᠯᠬᠤ᠂ ᠤᠬᠢᠶᠠᠵᠤ ᠠᠷᠢᠭᠤᠳᠬᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ ᠤ ᠥᠯᠢᠭᠡᠷ ᠬᠡᠪ ᠦᠯᠡᠳᠡᠭᠡᠬᠦ᠂ ᠮᠡᠳᠡᠭᠡ | ᠵᠠᠩᠭᠢ ᠶᠢ ᠢᠯᠡ ᠪᠣᠯᠭᠠᠬᠤ ᠵᠡᠷᠭᠡ ᠡᠯ᠎ᠡ ᠵᠦᠢᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ | ᠪᠠᠶᠢᠴᠠᠭᠠᠪᠠ︔ ᠲᠦᠪᠯᠡᠷᠡᠩᠭᠦᠢ ᠬᠤᠭᠤᠯᠠᠯᠠᠬᠤ ᠭᠠᠵᠠᠷ ᠲᠠᠢ ᠨᠢᠭᠡᠴᠡ ᠶᠢᠨ ᠵᠣᠬᠢᠴᠠᠩᠭᠤᠢ ᠡᠵᠡᠩᠨᠡᠯᠲᠡ ᠶᠢᠨ ᠬᠢᠷᠢ ᠬᠡᠮ ᠣᠯᠣᠭᠰᠠᠨ ᠡᠰᠡᠬᠦ᠂ ᠬᠠᠤᠯᠢ ᠶᠣᠰᠣᠭᠠᠷ | ᠳᠠᠭᠠᠭᠠᠴᠢᠯᠠᠨ ᠡᠵᠡᠩᠨᠡᠬᠦ ᠭᠡᠷ᠎ᠡ ᠲᠣᠭᠲᠠᠭᠰᠠᠨ ᠡᠰᠡᠬᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠭᠦᠢᠴᠡᠳᠬᠡᠭᠰᠡᠨ ᠡᠰᠡᠬᠦ᠂ ᠬᠠᠤᠯᠢ ᠲᠣᠭᠲᠠᠭᠠᠯ ᠶᠣᠰᠣᠭᠠᠷ ᠡᠵᠡᠩᠨᠡᠭᠰᠡᠨ ᠡᠰᠡᠬᠦ ᠵᠡᠷᠭᠡ ᠶᠢ ᠭᠤᠣᠯᠳᠠᠯᠭ᠎ᠠ ᠲᠠᠢ | ᠵᠢᠭᠰᠠᠭᠠᠨ ᠪᠠᠶᠢᠴᠠᠭᠠᠪᠠ᠃ | | | | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠪᠯᠡᠷᠡᠩᠭᠦᠢ ᠬᠤᠭᠤᠯᠠᠯᠠᠬᠤ ᠭᠠᠵᠠᠷ ᠲᠠᠢ | ᠨᠢᠭᠡᠴᠡ ᠶᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ | ᠢᠳᠡᠭᠡᠨ ᠤ ᠠᠮᠤᠷ ᠲᠦᠪᠰᠢᠨ ᠢ ᠰᠦᠯᠵᠢᠶᠡᠨ ᠳᠡᠭᠡᠷ᠎ᠡ ᠲᠣᠭᠤᠷᠢᠨ ᠪᠠᠶᠢᠴᠠᠭᠠᠵᠤ᠂ ᠬᠢᠨᠠᠨ ᠬᠠᠮᠢᠶᠠᠷᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠰᠢᠢᠳᠬᠡᠵᠦ᠂ ᠲᠦᠪᠯᠡᠷᠡᠩᠭᠦᠢ ᠬᠤᠭᠤᠯᠠᠯᠠᠬᠤ ᠬᠥᠮᠥᠰ ᠲᠤ ᠰᠠᠶᠢᠨ ᠰᠠᠶᠢᠬᠠᠨ | ᠬᠤᠭᠤᠯᠠᠯᠠᠬᠤ ᠣᠷᠴᠢᠨ ᠨᠥᠬᠦᠴᠡᠯ ᠬᠠᠩᠭᠠᠵᠤ᠂ ᠲᠦᠪᠯᠡᠷᠡᠩᠭᠦᠢ ᠬᠤᠭᠤᠯᠠᠯᠠᠬᠤ ᠬᠥᠮᠥᠰ ᠤᠨ ᠬᠤᠭᠤᠯᠠᠯᠠᠬᠤ ᠠᠮᠤᠷ ᠲᠦᠪᠰᠢᠨ ᠢ ᠬᠦᠴᠦᠲᠡᠢ ᠪᠠᠲᠤᠯᠠᠨ᠎ᠠ᠃ | | |