ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠤᠨ ᠤᠳᠤᠷᠢᠳᠤᠯᠭ᠎ᠠ ᠠᠷᠤᠬᠠᠰᠢᠶᠠᠲᠤ ᠪᠣᠭᠤᠮᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/11/28
      11 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠼᠤᠤ ᠵᠢᠶᠦ᠋ᠨ ᠫᠧᠢ ᠨᠠᠷ ᠠᠷᠤᠬᠠᠰᠢᠶᠠᠲᠦ ᠪᠣᠭᠤᠮᠲᠠ ᠳᠤ ᠭᠦᠨᠵᠡᠭᠡᠶᠢᠷᠡᠨ᠂ ᠪᠣᠭᠤᠮᠲᠠ ᠶᠢᠨ ᠭᠤᠣᠯᠳᠠᠯᠭ᠎ᠠ ᠲᠠᠢ ᠠᠵᠢᠯ ᠤᠨ ᠲᠥᠷᠥᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃
11.28口岸.jpg
      ᠪᠠᠶᠢᠴᠠᠭᠠᠨ ᠰᠤᠳᠤᠯᠬᠤ ᠳᠤᠭᠤᠶᠢᠯᠠᠩ ᠬᠢᠯᠢ ᠶᠢᠨ ᠪᠣᠭᠤᠮᠲᠠ ᠶᠢᠨ ᠰᠣᠯᠢᠵᠤ ᠠᠴᠢᠶᠠᠯᠠᠬᠤ ᠲᠠᠯᠠᠪᠠᠶ ᠭᠡᠷ᠂ ᠵᠠᠬ᠎ᠠ ᠶᠢᠨ ᠠᠷᠠᠯᠵᠢᠶᠠᠨ ᠤ ᠲᠣᠭᠤᠷᠢᠭ᠂ ᠠᠶᠠᠨᠴᠢᠳ ᠤᠨ ᠪᠠᠶᠢᠴᠠᠭᠠᠯᠲᠠ ᠶᠢᠨ ᠶᠡᠭᠡ ᠲᠢᠩᠬᠢᠮ ᠵᠡᠷᠭᠡ ᠭᠠᠵᠠᠷ ᠲᠤ ᠬᠦᠷᠴᠦ᠂ ᠬᠢᠯᠢ ᠶᠢᠨ ᠪᠣᠭᠤᠮᠲᠠ ᠶᠢᠨ ᠠᠵᠢᠯᠯᠠᠭᠠᠨ ᠤ ᠪᠠᠶᠢᠳᠠᠯ ᠪᠠ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠵᠢᠷᠤᠭ ᠲᠥᠯᠥᠪᠯᠡᠭᠡ ᠶᠢᠨ ᠲᠥᠰᠥᠯ ᠤᠨ ᠬᠠᠮᠢᠶ᠎ᠠ ᠪᠦᠬᠦᠢ ᠪᠠᠶᠢᠳᠠᠯ ᠢ ᠨᠠᠷᠢᠯᠢᠭ ᠣᠶᠢᠯᠠᠭᠠᠬᠤ ᠶᠢᠨ ᠬᠠᠮᠲᠤ᠂ ᠪᠣᠭᠤᠮᠲᠠ ᠶᠢᠨ ᠲᠤᠰᠬᠠᠢ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ 2023 ᠣᠨ ᠤ ᠪᠣᠭᠤᠮᠲᠠ ᠶᠢᠨ ᠲᠤᠰᠬᠠᠢ ᠪᠡᠯᠡ ᠮᠥᠩᠭᠦ ᠶᠢᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠵᠢᠴᠢ ᠪᠡᠯᠡ ᠮᠥᠩᠭᠦ ᠰᠠᠯᠭᠠᠨ ᠥᠭᠭᠦᠭᠰᠡᠨ ᠪᠠᠶᠢᠳᠠᠯ ᠪᠠ 2024 ᠣᠨ ᠤ ᠪᠣᠭᠤᠮᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠭᠤᠣᠯᠳᠠᠯᠭ᠎ᠠ ᠲᠠᠢ ᠰᠣᠨᠣᠰᠴᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠭᠤᠮᠲᠠ ᠶᠢᠨ ᠠᠵᠢᠯ ᠢ ᠨᠤᠲᠠᠯᠠᠬᠤ ᠶᠢᠨ ᠬᠠᠮᠲᠤ ᠪᠣᠳᠠᠲᠠᠢ ᠠᠵᠢᠯ ᠤᠨ ᠵᠢᠯᠣᠭᠤᠳᠤᠯᠭ᠎ᠠ ᠳᠤᠷᠠᠳᠪᠠ᠃       ᠰᠢᠨ᠎ᠡ ᠪᠠᠷᠭᠤ ᠪᠠᠷᠠᠭᠤᠨ ᠬᠤᠰᠢᠭᠤ ᠪᠣᠭᠤᠮᠲᠠ ᠶᠢᠨ ᠲᠥᠯᠦᠪᠵᠢᠭᠦᠯᠭᠡ ᠶᠢᠨ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠪᠣᠭᠤᠮᠲᠠ ᠶᠢᠨ ᠲᠤᠰᠬᠠᠢ ᠲᠦᠷᠦᠯ ᠤᠨ ᠪᠡᠯᠡ ᠮᠥᠩᠭᠦ ᠶᠢ ᠪᠦᠬᠦᠨ ᠢ ᠨᠠᠶᠢᠳᠠᠪᠤᠷᠢᠵᠢᠭᠤᠯᠬᠤ ᠶᠢ ᠲᠦᠷᠭᠡᠨ ᠨᠠᠶᠢᠳᠠᠪᠤᠷᠢᠵᠢᠭᠤᠯᠤᠨ᠎ᠠ᠃ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠰᠠᠶᠢᠲᠤᠷ ᠪᠠᠳᠠᠷᠠᠭᠤᠯᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠨ᠎ᠡ ᠭᠡᠵᠦ ᠢᠯᠡᠳᠬᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ