11 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠰᠢᠷᠭᠤᠯᠵᠢ︾ | ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠣᠭᠲᠠᠵᠠᠢ᠃ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠬᠢᠭᠡᠳ ︽ᠰᠢᠷᠭᠤᠯᠵᠢ︾ ᠪᠦᠯᠦᠭᠯᠡᠯ ᠤᠨ ᠳᠡᠳ᠋ ᠶᠡᠷᠦᠩᠬᠡᠶᠢᠯᠡᠭᠴᠢ ᠫᠧᠩ ᠢ ᠵᠢᠶᠧ ᠬᠤᠶᠠᠷ ᠲᠠᠯ᠎ᠠ ᠶᠢ | ᠲᠥᠯᠥᠭᠡᠯᠡᠨ ᠭᠡᠷ᠎ᠡ ᠲᠣᠭᠲᠠᠪᠠ᠃ | ᠭᠡᠷ᠎ᠡ ᠳᠣᠭᠲᠠᠬᠤ ᠶᠣᠰᠣᠯᠠᠯ ᠤᠨ ᠠᠬᠤᠢ ᠲᠠᠯᠠᠪᠠᠶ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠣᠰ ᠲᠣᠰ ︽ᠰᠢᠷᠭᠤᠯᠵᠢ︾ ᠪᠦᠯᠦᠭᠯᠡᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠢ ᠭᠡᠷ᠎ᠡ ᠳᠣᠭᠲᠠᠨ᠂ ᠨᠡᠶᠢᠲᠡ 4 | ᠲᠥᠷᠥᠯ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠭᠰᠠᠨ ᠪᠠᠶᠢᠨ᠎ᠠ᠃ ᠳᠠᠷᠠᠭᠠᠴᠢ ᠪᠠᠷ᠂ ᠬᠤᠶᠠᠷ ᠲᠠᠯ᠎ᠠ ᠪᠠᠷ ᠢᠶᠠᠨ ᠠᠮᠢ ᠠᠬᠤᠢ ᠶᠢᠨ ᠬᠠᠮᠠᠭᠠᠯᠠᠯᠲᠠ᠂ ᠪᠣᠬᠢᠷᠲᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠲᠣᠭᠠᠴᠢᠯᠠᠭᠰᠠᠨ ᠠᠵᠤ ᠠᠬᠤᠢ᠂ ᠲᠦᠭᠡᠮᠡᠯ ᠬᠦᠷᠲᠡᠭᠡᠮᠵᠢᠲᠦ ᠮᠥᠩᠭᠦᠨ ᠭᠦᠢᠯᠭᠡᠭᠡ᠂ ᠵᠠᠰᠠᠭ ᠤᠨ | ᠶᠠᠪᠤᠳᠠᠯ ᠤᠨ ᠦᠢᠯᠡᠴᠢᠯᠡᠭᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ | ᠰᠠᠶᠢᠲᠤᠷ ᠬᠠᠮᠲᠤᠷᠠᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠬᠦᠴᠦ ᠪᠠᠨ ᠬᠠᠮᠲᠤᠳᠬᠠᠨ | ᠰᠠᠶᠢᠲᠤᠷ ᠪᠡᠶᠡᠯᠡᠭᠦᠯᠬᠦ ᠪᠣᠯᠣᠨ᠎ᠠ᠃ | |