11 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯ ᠰᠡᠳᠦᠪᠲᠦ | ᠬᠥᠮᠦᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠦᠢᠯᠡᠳᠪᠦᠷᠢ ᠬᠤᠳᠠᠯᠳᠤᠭᠠᠨ ᠤ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠡᠭᠡᠷᠡᠬᠢ ᠪᠢᠴᠢᠭ ᠤᠨ ᠭᠡᠯᠪᠡᠷᠢ ᠶᠢᠨ ᠶᠠᠷᠢᠶ᠎ᠠ | ᠢᠯᠡᠳᠬᠡᠯ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠳᠤᠭᠠᠷ ᠤᠳᠠᠭ᠎ᠠ ᠶᠢᠨ | ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠪᠣᠯᠣᠨ ᠠᠯᠲᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠫᠠᠯᠧᠰᠲ᠋ᠠᠶᠢᠨ | ᠢᠰᠷᠧᠯ ᠤᠨ ᠠᠰᠠᠭᠤᠳᠠᠯ ᠤᠨ ᠲᠤᠬᠠᠢ ᠲᠦᠷᠦᠭᠦᠴᠦᠳ ᠤᠨ ᠣᠨᠴᠠᠭᠠᠶ ᠸᠢᠳᠢᠤ᠋ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ ᠣᠶᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠡᠬᠢ ᠪᠠᠶᠠᠯᠢᠭ ᠤᠨ ᠳᠠᠪᠠᠭᠤᠯᠢᠭ᠂ ᠠᠵᠤ | ᠦᠢᠯᠡᠰ ᠤᠨ ᠰᠠᠭᠤᠷᠢ ᠪᠣᠯᠣᠨ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ ᠨᠡᠭᠡᠭᠡᠯᠲᠡ ᠪᠠᠨ ᠥᠷᠭᠡᠳᠬᠡᠵᠦ᠂ ᠭᠠᠳᠠᠭᠠᠳᠤ ᠬᠠᠮᠲᠤᠷᠠᠯᠴᠠᠭᠠᠨ ᠤ ᠠᠷᠭ᠎ᠠ | ᠵᠠᠮ ᠢᠶᠠᠨ ᠰᠢᠯᠤᠭᠤᠳᠬᠠᠵᠤ᠂ ᠭᠠᠳᠠᠭᠠᠳᠤ ᠠᠵᠤ ᠠᠬᠤᠢ ᠠᠷᠠᠯᠵᠢᠶᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠣᠰ ᠣᠷᠴᠢᠯ ᠳᠤ ᠨᠠᠩ ᠰᠠᠶᠢᠲᠤᠷ ᠠᠭᠤᠰᠤᠯᠴᠠᠵᠤ᠂ ᠤᠯᠤᠰ ᠤᠨ ᠨᠡᠭᠡᠭᠡᠯᠲᠡ ᠶᠢᠨ ᠶᠡᠭᠡ ᠲᠠᠯ᠎ᠠ᠂ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠨᠠᠩ ᠰᠠᠶᠢᠲᠤᠷ | ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 11 ᠰᠠᠷ᠎ᠠ ᠶᠢᠨ 22 ᠤᠨ ᠡᠳᠦᠷ ᠬᠤᠷᠠᠯᠳᠤᠭᠰᠠᠨ ᠭᠤᠣᠯ ᠰᠡᠳᠦᠪᠲᠦ ᠬᠥᠮᠦᠵᠢᠯ ᠤᠨ ᠲᠥᠪ ᠤᠨ ᠲᠣᠭᠤᠷᠢᠨ ᠵᠢᠯᠤᠭᠤᠳᠬᠤ | ᠳᠤᠭᠤᠶᠢᠯᠠᠩ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠭᠤᠣᠯ | ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠠᠬᠢᠵᠢᠭᠦᠯᠦᠨ ᠳᠡᠭᠡᠭᠰᠢᠯᠡᠭᠦᠯᠦᠭᠰᠡᠨ ᠪᠠᠶᠢᠳᠠᠯ ᠵᠢᠴᠢ | ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ | ᠲᠤᠷᠰᠢᠯᠲᠠ ᠶᠢᠨ ᠴᠡᠭ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠪᠣᠳᠠᠲᠠᠢ ᠪᠠᠶᠢᠬᠤ ᠱᠠᠭᠠᠷᠳᠠᠯᠭ᠎ᠠ ᠶᠢ | ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠲᠣᠭᠲᠠᠭᠰᠠᠨ ᠠᠵᠢᠯᠯᠠᠭ᠎ᠠ ᠭᠡᠰᠡᠨ ᠴᠦ ᠲᠡᠷᠡ ᠥᠪᠡᠷ ᠢᠶᠠᠨ ᠲᠣᠭᠲᠠᠭᠠᠵᠤ ᠬᠢᠬᠦ | ᠠᠵᠢᠯᠯᠠᠭ᠎ᠠ ᠭᠡᠰᠡᠨ ᠴᠦ ᠲᠡᠷᠡ ᠴᠥᠮ ᠪᠣᠳᠠᠲᠠᠢ ᠴᠢᠷᠮᠠᠶᠢᠯᠭ᠎ᠠ ᠶᠢ ᠡᠷᠬᠢᠮᠯᠡᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠦᠷ᠎ᠡ ᠪᠦᠲᠦᠮᠵᠢ ᠭᠠᠷᠭᠠᠬᠤ ᠬᠡᠷᠡᠭᠲᠡᠢ᠂ | ᠬᠡᠯᠪᠡᠷᠢᠴᠢ ᠦᠵᠡᠯ ᠭᠠᠷᠭᠠᠬᠤ ᠶᠢ ᠡᠷᠡᠰ ᠴᠡᠭᠡᠷᠯᠡᠬᠦ ᠬᠡᠷᠡᠭᠲᠡᠢ᠂ ᠳᠡᠭᠡᠷ᠎ᠡ ᠱᠠᠲᠤᠨ ᠤ ᠪᠠᠶᠢᠭᠤᠯᠭ᠎ᠠ ᠶᠢᠨ ᠠᠷᠭ᠎ᠠ ᠬᠢᠳᠡᠯ ᠢ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ | ᠪᠤᠯᠬᠤ ᠦᠭᠡᠢ᠃ ᠤᠨᠤᠯ ᠤᠨ ᠰᠤᠷᠤᠯᠴᠠᠯᠭ᠎ᠠ ᠶᠢᠨ ᠬᠠᠨᠳᠤᠯᠭᠠᠲᠤ ᠴᠢᠨᠠᠷ ᠪᠣᠯᠣᠨ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠵᠤ᠂ ᠶᠠᠭᠤ ᠬᠢᠪᠡᠯ ᠶᠠᠭᠤ ᠶᠢ | ᠰᠤᠷᠤᠯᠴᠠᠬᠤ᠂ ᠶᠠᠭᠤ ᠳᠤᠲᠠᠭᠳᠠᠪᠠᠯ ᠶᠠᠭᠤ ᠶᠢ ᠨᠥᠬᠦᠪᠦᠷᠢᠯᠡᠬᠦ ᠶᠢ ᠪᠠᠷᠢᠮᠲᠠᠯᠠᠵᠤ᠂ ᠰᠤᠷᠤᠯᠴᠠᠬᠤ ᠪᠠ ᠬᠡᠷᠡᠭᠯᠡᠬᠦ ᠳᠤ ︽ᠬᠤᠶᠠᠷ ᠨᠢᠭᠤᠷᠲᠡᠨ︾ ᠪᠣᠯᠵᠤ ᠪᠤᠯᠬᠤ ᠦᠭᠡᠢ᠃ | ᠦᠨᠡᠨ ᠬᠦ ᠬᠠᠲᠠᠭᠤ ᠲᠠᠢ ᠨᠢ ᠬᠠᠯᠳᠠᠵᠤ ᠠᠰᠠᠭᠤᠳᠠᠯ ᠢ ᠰᠢᠢᠳᠪᠦᠷᠢᠯᠡᠵᠦ᠂ ᠪᠠᠶᠢᠴᠠᠭᠠᠨ ᠰᠤᠳᠤᠯᠤᠯᠲᠠ ᠬᠢᠬᠦ ᠳᠡᠭᠡᠨ ᠠᠰᠠᠭᠤᠳᠠᠯ ᠳᠤ ᠰᠢᠭᠤᠳ ᠬᠠᠨᠳᠤᠵᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠠᠭᠠᠨ ᠡᠷᠬᠡᠪᠰᠢ ᠪᠣᠳᠠᠲᠠᠢ ᠪᠥᠭᠡᠳ ᠲᠤᠶᠢᠯᠪᠤᠷᠢᠲᠠᠢ ᠪᠠᠶᠢᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠶᠢ ᠭᠤᠣᠯ ᠰᠡᠳᠦᠪᠲᠦ | ᠬᠥᠮᠦᠵᠢᠯ ᠳᠤ ᠠᠭᠤᠰᠤᠯᠴᠠᠭᠤᠯᠵᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠵᠤ᠂ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ | ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠬᠦᠴᠦᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠲᠤᠰᠬᠠᠢ | ᠴᠡᠭᠴᠡᠯᠡᠨ ᠵᠠᠰᠠᠬᠤ ᠪᠠ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠭᠠᠷᠭᠠᠬᠤ ᠬᠡᠷᠡᠭᠲᠡᠢ᠃ | ︽ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠳᠠᠩᠰᠠ ᠶᠢ ᠦᠨᠡᠨ ᠬᠦ ᠲᠣᠳᠣᠷᠬᠠᠢ ᠪᠤᠳᠣᠵᠤ᠂ ᠪᠣᠳᠠᠲᠤ ᠶᠠᠪᠤᠳᠠᠯ ᠪᠠ ᠶᠣᠰᠣ | ᠤᠴᠢᠷ ᠢ ᠦᠨᠡᠨ ᠬᠦ ᠲᠣᠳᠣᠷᠬᠠᠢ ᠶᠠᠷᠢᠵᠤ᠂ ᠣᠯᠠᠨ ᠲᠦᠮᠡᠨ ᠳᠤ ᠢᠲᠡᠭᠡᠭᠦᠯᠦᠨ ᠮᠡᠳᠡᠷᠡᠭᠦᠯᠵᠦ᠂ ᠨᠡᠩ ᠦᠨᠡᠨ ᠰᠡᠳᠬᠢᠯ ᠠᠴᠠ ᠪᠠᠨ ᠨᠠᠮ ᠤᠨ ᠠᠴᠢ ᠡᠨᠡᠷᠢᠯ ᠳᠤ | ᠲᠠᠯᠠᠷᠬᠠᠬᠤ ᠪᠤᠯᠭᠠᠵᠤ᠂ ᠨᠠᠮ ᠤᠨ ᠰᠠᠶᠢᠨ ᠢ ᠮᠡᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠠᠵᠢᠯ ᠵᠡᠷᠭᠡ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ | ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠪᠦᠭᠦ ᠲᠠᠯ᠎ᠠ ᠪᠠᠷ ᠰᠠᠶᠢᠲᠤᠷ ᠬᠢᠬᠦ | ᠬᠡᠷᠡᠭᠲᠡᠢ᠃ ᠮᠠᠨ ᠤ ᠣᠷᠣᠨ ᠤ ᠭᠠᠵᠠᠷ ᠠᠭᠤᠳᠠᠮ᠂ ᠬᠥᠮᠥᠨ ᠠᠮᠠ ᠴᠥᠭᠡᠨ ᠪᠣᠳᠠᠲᠤ ᠪᠠᠶᠢᠳᠠᠯ ᠳᠤ ᠰᠠᠭᠤᠷᠢᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ︽ᠬᠥᠮᠥᠨ ᠤ ᠬᠦᠴᠦ ᠪᠠᠷ ᠰᠡᠷᠭᠡᠶᠢᠯᠡᠬᠦ︾ ᠶᠢ ︽ᠮᠡᠷᠭᠡᠵᠢᠯ ᠢᠶᠠᠷ ᠰᠡᠷᠭᠡᠶᠢᠯᠡᠬᠦ︾ | ᠪᠠᠷ ᠣᠷᠣᠯᠠᠭᠤᠯᠬᠤ ᠶᠢ ᠶᠡᠭᠡ ᠪᠠᠷ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠪᠦᠭᠦ ᠣᠷᠣᠨ ᠤ ᠰᠦ ᠶᠢᠨ ᠦᠢᠯᠡᠰ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠦ ᠶᠢᠨ | ᠦᠢᠯᠡᠰ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ᠂ ᠦᠢᠯᠡᠳᠬᠦᠨ ᠤ ᠪᠦᠲᠦᠴᠡ ᠪᠠᠨ ᠰᠢᠯᠢᠳᠡᠭᠵᠢᠭᠦᠯᠬᠦ ᠶᠢ ᠬᠥᠲᠥᠯᠥᠨ ᠵᠢᠯᠤᠭᠤᠳᠴᠤ᠂ | ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ ᠰᠦ ᠶᠢᠨ ᠦᠢᠯᠡᠰ ᠤᠨ ᠬᠡᠷᠡᠭᠯᠡᠭᠡ ᠶᠢᠨ ᠬᠡᠮᠵᠢᠶ᠎ᠡ ᠶᠢ ᠥᠷᠭᠡᠳᠬᠡᠨ ᠲᠠᠰ ᠳᠡᠪᠰᠢᠭᠦᠯᠬᠦ ᠶᠢ ᠠᠬᠢᠭᠤᠯᠵᠤ᠂ ᠮᠠᠨ ᠤ | ᠣᠷᠣᠨ ᠤ ᠰᠦ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠭᠦ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠶ ᠪᠤᠯᠭᠠᠵᠤ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠲᠡᠮᠳᠡᠭ ᠢ ᠡᠭᠦᠳᠦᠨ ᠪᠠᠶᠢᠭᠤᠯᠬᠤ ᠪᠠ ᠬᠠᠮᠠᠭᠠᠯᠠᠬᠤ ᠶᠢ ᠨᠠᠩ ᠴᠢᠬᠤᠯᠠᠴᠢᠯᠠᠵᠤ᠂ | ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠢᠳᠡᠭᠡᠨ ᠤᠮᠳᠠᠭᠠᠨ ᠡᠮ ᠤᠨ ᠠᠮᠤᠷ | ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | | |