ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ | ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠴᠢᠩᠭ᠎ᠠ | ᠠᠳᠬᠤᠨ ᠢᠵᠢ ᠪᠦᠷᠢᠳᠦᠭᠦᠯᠵᠦ᠂ ︽ᠰᠠᠨᠠᠯ︾ ᠠᠴᠠ ᠲᠦᠷᠦ ᠶᠢᠨ ᠪᠣᠳᠣᠯᠭ᠎ᠠ ᠬᠠᠶᠢᠵᠤ᠂ ︽ᠰᠠᠨᠠᠯ︾ ᠠᠴᠠ ᠲᠦᠷᠦᠯ ᠵᠦᠢᠯ ᠡᠷᠢᠵᠦ᠂ ᠳᠡᠮᠵᠢᠯᠭᠡ ᠶᠢᠨ | ᠲᠦᠷᠦ ᠶᠢᠨ ᠪᠣᠳᠣᠯᠭ᠎ᠠ ᠶᠢ ᠪᠣᠳᠠᠲᠠᠢ ᠲᠦᠷᠦᠯ ᠵᠦᠢᠯ ᠪᠤᠯᠭᠠᠬᠤ ᠪᠠᠷ ᠴᠢᠷᠮᠠᠶᠢᠪᠠ᠃ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠶᠠᠭ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ᠰᠠᠨᠠᠯ︾ ᠢ ᠴᠢᠨᠠᠭᠰᠢᠳᠠ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠭᠦᠢᠴᠡᠳ ᠵᠣᠬᠢᠴᠠᠭᠤᠯᠤᠨ ᠨᠡᠪᠲᠡᠷᠡᠯᠴᠡᠬᠦ ᠪᠠᠷ | ᠳᠡᠮᠵᠢᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠵᠣᠬᠢᠴᠠᠭᠤᠯᠤᠨ ᠦᠢᠯᠡᠴᠢᠯᠡᠬᠦ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ | ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠠᠬᠢᠴᠠ ᠶᠢ ᠴᠠᠭ ᠲᠤᠬᠠᠢ ᠳᠤᠨᠢ ᠮᠥᠷᠳᠡᠨ ᠲᠣᠬᠢᠷᠠᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠡᠶᠢᠲᠡᠯᠡᠬᠦ | ᠪᠣᠯᠣᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠳᠤ ᠬᠠᠮᠢᠶ᠎ᠠ ᠪᠦᠬᠦᠢ ᠶᠠᠮᠤᠨ ᠵᠥᠪᠯᠡᠯ ᠲᠠᠢ ᠬᠠᠮᠲᠤᠷᠠᠨ ᠣᠶᠢᠷ᠎ᠠ ᠳᠤ ︽ᠰᠠᠨᠠᠯ︾ ᠳᠤ ᠢᠵᠢ ᠪᠦᠷᠢᠳᠦᠭᠦᠯᠦᠭᠰᠡᠨ ︽ | ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾ ᠪᠠ ︽ᠴᠢᠬᠤᠯᠠ ᠶᠡᠭᠡ ᠲᠥᠷᠥᠯ ᠵᠦᠢᠯ ᠤᠨ ᠨᠠᠷᠢᠨ ᠳᠠᠩᠰᠠ︾ ᠶᠢ ᠨᠡᠶᠢᠲᠡᠯᠡᠵᠦ᠂ ︽ᠰᠠᠨᠠᠯ︾ ᠢ | ᠨᠠᠶᠢᠳᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠯᠭᠠᠬᠤ ᠪᠠᠷ ᠳᠡᠪᠰᠢᠭᠦᠯᠪᠡ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠬᠢᠭᠡᠳ | ᠭᠠᠵᠠᠷ ᠣᠷᠣᠨ ᠤ ᠠᠵᠤ ᠠᠬᠤᠢ ᠶᠢᠨ ᠰᠤᠳᠤᠯᠭᠠᠨ ᠤ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ︽1 + N + X︾ ᠤᠨ ᠠᠬᠢᠭᠤᠯᠬᠤ | ᠰᠡᠳᠬᠢᠮᠵᠢ ᠶᠣᠰᠣᠭᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ︽ᠰᠠᠨᠠᠯ︾ ᠤᠨ ᠲᠦᠷᠦᠭᠦᠯᠡᠨ ᠲᠤᠭᠤᠷᠪᠢᠵᠤ ᠨᠠᠶᠢᠷᠠᠭᠤᠯᠤᠨ | ᠵᠣᠬᠢᠶᠠᠬᠤ ᠨᠢᠭᠡᠴᠢ ᠪᠣᠯᠤᠭᠰᠠᠨ ᠤ ᠬᠤᠪᠢ ᠳᠤ ᠵᠠᠷᠢᠮ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠪᠠᠭᠲᠠᠭᠠᠭᠰᠠᠨ ᠵᠣᠬᠢᠴᠠᠩᠭᠤᠢ ᠭᠤᠣᠯᠳᠠᠯᠭ᠎ᠠ ᠲᠠᠢ | ᠡᠭᠦᠷᠭᠡ ᠶᠢ ᠨᠠᠩ ᠨᠠᠷᠢᠯᠢᠭ ᠠᠷᠭ᠎ᠠ ᠬᠡᠮᠵᠢᠶ᠎ᠡ ᠪᠠᠷ ᠲᠣᠳᠣᠷᠬᠠᠢ ᠲᠣᠭᠲᠠᠭᠠᠵᠤ ᠨᠠᠶᠢᠳᠠᠪᠤᠷᠢᠵᠢᠭᠤᠯᠤᠨ᠎ᠠ ᠭᠡᠵᠦ ᠲᠠᠨᠢᠯᠴᠠᠭᠤᠯᠪᠠ᠃ | ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ | ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠬᠢᠵᠦ᠂ ᠤᠯᠤᠰ ᠤᠨ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠡᠷᠡᠮᠡᠯᠵᠡᠯᠡᠨ ᠣᠯᠪᠠ᠃ ᠢᠳᠡᠪᠬᠢᠲᠡᠢ | ᠡᠷᠡᠮᠡᠯᠵᠡᠯᠡᠬᠦ ᠪᠠᠷ ᠳᠡᠮᠵᠢᠨ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠵᠤ᠂ ᠪᠦᠭᠦ ᠤᠯᠤᠰ ᠤᠨ ᠴᠢᠬᠤᠯᠠ ᠠᠮᠢ | ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠠᠮᠵᠢᠯᠴᠠᠨ ᠠᠬᠢᠭᠤᠯᠬᠤ ᠵᠡᠷᠭᠡ ᠠᠭᠤᠯᠭ᠎ᠠ ᠶᠢ ᠨᠢᠭᠡᠨᠲᠡ | ᠳᠡᠮᠵᠢᠯᠭᠡ ᠶᠢᠨ ᠪᠢᠴᠢᠭ ᠮᠠᠲ᠋ᠧᠷᠢᠶᠠᠯ ᠳᠤ ᠣᠷᠣᠭᠤᠯᠪᠠ᠃ ᠡᠭᠦᠨ ᠤ ᠬᠠᠮᠲᠤ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ 7 ᠬᠦᠷᠢᠶ᠎ᠡ ᠴᠠᠷᠠᠭ᠎ᠠ ᠶᠢᠨ | ᠲᠣᠭᠤᠷᠢᠨ ᠳᠤ 97 ᠵᠦᠢᠯ ᠤᠨ ᠴᠢᠬᠤᠯᠠ ᠶᠡᠭᠡ ᠢᠨᠵᠧᠨᠧᠷᠢᠩ ᠢ ᠳᠤᠷᠠᠳᠤᠨ ᠭᠠᠷᠭᠠᠪᠠ︔ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠶᠢ | ᠬᠤᠪᠢᠷᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠵᠡᠷᠭᠡ ᠬᠦᠷᠢᠶᠡᠨ ᠤ ᠲᠣᠭᠤᠷᠢᠨ ᠳᠤ 79 ᠴᠢᠬᠤᠯᠠ ᠶᠡᠭᠡ ᠵᠦᠢᠯᠡᠰ ᠢ ᠳᠤᠷᠠᠳᠪᠠ︔ ᠨᠤᠲᠤᠭ ᠪᠡᠯᠴᠢᠭᠡᠷ ᠣᠶ ᠰᠢᠭᠤᠢ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ | ᠴᠢᠩᠭᠠᠳᠬᠠᠬᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ ᠶᠢ ᠠᠬᠢᠭᠤᠯᠬᠤ ᠵᠡᠷᠭᠡ ᠬᠦᠷᠢᠶᠡᠨ ᠤ | ᠲᠣᠭᠤᠷᠢᠨ ᠳᠤ 34 ᠵᠦᠢᠯ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ | ᠳᠡᠳ᠋ ᠡᠷᠭᠢᠯᠡᠭᠴᠢ ᠵᠠᠩ ᠶᠦᠩ ᠵᠢᠶᠦ᠋ᠨ᠄ ︽ᠴᠢᠬᠤᠯᠠ ᠶᠡᠭᠡ ᠲᠥᠷᠥᠯ ᠵᠦᠢᠯ ᠤᠨ 3 ᠵᠢᠯ ᠤᠨ ᠪᠡᠯᠡ ᠣᠷᠣᠭᠤᠯᠤᠯᠲᠠ ᠲᠦᠮᠡᠨ ᠳ᠋ᠦᠩᠰᠢᠭᠤᠷ ᠰᠢᠬᠠᠮ | ᠲᠥᠭᠦᠷᠢᠭ ᠲᠤ ᠬᠦᠷᠴᠡᠢ᠃ ᠲᠥᠷᠥᠯ ᠵᠦᠢᠯ ᠤᠨ ᠲᠣᠰ ᠪᠡᠶ᠎ᠡ ᠨᠢ ᠳᠠᠷᠤᠢ ᠨᠢᠭᠡᠨ ᠦᠨᠡᠨ ᠪᠣᠳᠠᠲᠠᠢ ᠭᠠᠷᠳᠠᠴᠠ ᠮᠥᠨ᠂ ︽ᠰᠠᠨᠠᠯ︾ ᠠᠴᠠ ᠲᠥᠷᠥ ᠶᠢᠨ ᠪᠣᠳᠣᠯᠭ᠎ᠠ | ᠬᠠᠶᠢᠵᠤ᠂ ︽ᠰᠠᠨᠠᠯ︾ ᠠᠴᠠ ᠲᠥᠷᠥᠯ ᠵᠦᠢᠯ ᠡᠷᠢᠵᠦ᠂ ᠪᠢᠳᠡ ᠲᠥᠷᠥᠯ ᠵᠦᠢᠯ ᠢ ᠠᠳᠬᠤᠪᠠᠯ᠂ ᠳᠠᠷᠤᠢ ᠦᠨᠳᠦᠰᠦᠨ ᠳᠡᠭᠡᠨ ︽ᠰᠠᠨᠠᠯ︾ ᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠶᠡᠭᠡ ᠲᠤᠯᠭᠠᠭᠤᠷᠢᠯᠠᠯ ᠪᠣᠯᠵᠤ ᠪᠣᠯᠣᠨ᠎ᠠ︾ | ᠭᠡᠪᠡ᠃ | ︽ᠲᠠᠷᠠᠭᠠᠴᠢ ᠶᠢᠨ ᠠᠯᠬᠤᠮ ᠳᠤ᠂ ᠮᠠᠨ ᠤ ᠡᠯ᠎ᠡ ᠲᠠᠯ᠎ᠠ ᠶᠢᠨ ᠬᠢᠨ ︿ᠰᠠᠨᠠᠯ﹀ ᠤᠨ ᠬᠠᠷᠠᠭᠠᠯᠵᠠᠭᠰᠠᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠤᠯᠠᠮ ᠨᠢᠭᠡ | ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ ᠪᠠᠶᠢᠭᠠᠳ | ᠬᠠᠷᠠᠭᠠᠯᠵᠠᠭᠰᠠᠨ ᠡᠯ᠎ᠡ ᠵᠦᠢᠯ ᠤᠨ ᠠᠷᠭ᠎ᠠ ᠬᠡᠮᠵᠢᠶ᠎ᠡ ᠡᠭᠦᠷᠭᠡ ᠶᠢ ᠪᠡᠶᠡᠯᠡᠭᠦᠯᠬᠦ ᠶᠢ ᠠᠬᠢᠭᠤᠯᠵᠤ᠂ ᠡᠴᠦᠰ ᠲᠡᠭᠡᠨ ᠬᠠᠷᠠᠭᠠᠯᠵᠠᠭᠰᠠᠨ ᠬᠠᠷᠠᠯᠲᠠ ᠶᠢ ᠪᠡᠶᠡᠯᠡᠭᠦᠯᠦᠨ᠎ᠡ︾ | ᠭᠡᠵᠦ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠤᠯᠤᠰ ᠤᠨ ᠭᠠᠵᠠᠷ ᠰᠢᠷᠣᠢ ᠶᠢ ᠨᠡᠭᠡᠭᠡᠨ ᠬᠥᠭᠵᠢᠭᠦᠯᠬᠦ ᠬᠢᠭᠡᠳ ᠭᠠᠵᠠᠷ ᠣᠷᠣᠨ ᠤ | ᠠᠵᠤ ᠠᠬᠤᠢ ᠶᠢᠨ ᠰᠤᠳᠤᠯᠭᠠᠨ ᠤ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃ | | |