ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠮᠠᠨ ᠤ ᠣᠷᠣᠨ ᠤ ᠬᠥᠭᠵᠢᠯᠲᠡ ᠶᠢ ᠳᠡᠮᠵᠢᠬᠦ 33 ᠵᠤᠷᠪᠤᠰ ᠪᠣᠳᠠᠲᠠᠢ ᠠᠷᠭ᠎ᠠ ᠬᠡᠮᠵᠢᠶ᠎ᠡ ᠭᠠᠷᠭᠠᠪᠠ
ᠨᠡᠶᠢᠲᠡᠯᠡᠭᠰᠡᠨ ᠴᠠᠭ᠄
2023/11/28
      ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠣᠶᠢᠷ᠎ᠠ ᠳᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠬᠡᠬᠦ ᠳᠤ ᠪᠠᠲᠤ ᠲᠤᠯᠭᠠᠭᠤᠷᠢᠯᠠᠯ ᠬᠠᠩᠭᠠᠨ᠂ ᠯᠤᠲᠤ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠡᠨᠡ ᠬᠦ ᠠᠵᠢᠯ ᠤᠨ ᠬᠤᠪᠢᠶᠠᠷᠢᠯᠠᠯ ᠨᠢ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠬᠡᠬᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ᠂ ᠰᠢᠨ᠎ᠡ ᠶᠢ ᠡᠭᠦᠳᠬᠦ ᠬᠥᠭᠵᠢᠯᠲᠡ ᠶᠢ ᠴᠢᠩᠭᠠᠳᠬᠠᠬᠤ ᠵᠡᠷᠭᠡ 10 ᠲᠠᠯ᠎ᠠ ᠶᠢᠨ 33 ᠵᠤᠷᠪᠤᠰ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠠᠭᠲᠠᠭᠠᠵᠤ᠂ ᠴᠢᠭᠯᠡᠭᠦᠯᠦᠯᠲᠦ ᠴᠢᠨᠠᠷ ᠢᠶᠠᠷ ᠮᠠᠰᠢ ᠴᠢᠩᠭ᠎ᠠ ᠪᠠᠶᠢᠵᠤ᠂ ᠪᠣᠳᠠᠲᠤ ᠠᠴᠢ ᠬᠤᠯᠪᠣᠭᠳᠠᠯ ᠢᠶᠠᠷ ᠮᠠᠰᠢ ᠶᠡᠭᠡ ᠪᠠᠶᠢᠯ᠎ᠠ᠃ ᠡᠭᠦᠨ ᠤ ᠵᠡᠷᠭᠡ ᠪᠠᠷ ᠤᠯᠠᠨ ᠤᠳᠠᠭ᠎ᠠ ᠶᠢᠨ ᠵᠤᠯᠭᠠᠯᠴᠠᠭ᠎ᠠ ᠪᠠᠷ ᠳᠠᠮᠵᠢᠨ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠥᠪᠥᠷ ᠮᠣᠩᠭᠤᠯ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠬᠠᠮᠲᠤ ᠪᠠᠷ ᠠᠬᠢᠭᠤᠯᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠢ ᠬᠤᠶᠠᠷ ᠲᠠᠯ᠎ᠠ ᠶᠢᠨ ᠭᠤᠣᠯ ᠤᠳᠤᠷᠢᠳᠤᠯᠭ᠎ᠠ ᠨᠢᠭᠡᠨᠲᠡ ᠬᠢᠨᠠᠨ ᠪᠠᠲᠤᠯᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠳᠠᠬᠢ ᠠᠵᠢᠯ ᠤᠨ ᠬᠤᠪᠢᠶᠠᠷᠢᠯᠠᠯ ᠢ ᠪᠦᠭᠦᠨ ᠢ ᠵᠥᠪᠯᠡᠯᠴᠡᠭᠡᠷ ᠲᠤ ᠣᠷᠣᠭᠤᠯᠤᠨ ᠬᠡᠷᠡᠭᠵᠢᠭᠦᠯᠵᠦ ᠠᠬᠢᠭᠤᠯᠬᠤ ᠶᠢ ᠵᠥᠪᠰᠢᠶᠡᠷᠡᠪᠡ᠃ ᠡᠭᠦᠨ ᠳᠤ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠴᠢᠩᠭᠠᠳᠬᠠᠬᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠬᠡᠬᠦ᠂ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠬᠤ᠂ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠬᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢ ᠠᠬᠢᠭᠤᠯᠬᠤ᠂ ᠠᠵᠤ ᠠᠬᠤᠶᠢᠯᠠᠯ ᠤᠨ ᠪᠤᠵᠠᠭᠠᠶᠢᠷᠠᠨ ᠰᠢᠯᠢᠳᠡᠭᠵᠢᠵᠦ ᠬᠦᠴᠦᠷᠬᠡᠭᠵᠢᠬᠦ ᠶᠢ ᠠᠬᠢᠭᠤᠯᠬᠤ᠂ ᠠᠵᠤ ᠦᠢᠯᠡᠰ ᠤᠨ ᠨᠡᠭᠡᠭᠡᠯᠲᠡᠲᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠺᠠᠳ᠋ᠷ ᠴᠢᠳᠠᠪᠤᠷᠢᠲᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠵᠡᠷᠭᠡ 8 ᠲᠠᠯ᠎ᠠ ᠶᠢ ᠪᠠᠭᠲᠠᠭᠠᠵᠠᠢ᠃      ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠮᠠᠨ ᠤ ᠣᠷᠣᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠭᠤᠷᠠᠢ ᠭᠤᠭᠴᠤᠭ᠎ᠠ ᠵᠢᠴᠢ ᠳᠠᠷᠠᠭᠠᠴᠢ ᠶᠢᠨ ᠬᠥᠭᠵᠢᠯᠲᠡ ᠶᠢᠨ ᠭᠤᠣᠯᠳᠠᠯᠭ᠎ᠠ ᠳᠤ ᠴᠢᠭᠯᠡᠭᠦᠯᠦᠨ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠬᠦ᠂ ᠤᠯᠤᠰ ᠤᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ︽ᠪᠢᠴᠢᠬᠠᠨ ᠠᠪᠤᠷᠭᠤ︾ ᠠᠵᠤ ᠠᠬᠤᠶᠢᠯᠠᠯ᠂ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠬᠤᠳᠠ᠂ ᠠᠵᠤ ᠦᠢᠯᠡᠰ ᠤᠨ ᠰᠠᠭᠤᠷᠢ ᠶᠢ ᠳᠠᠭᠢᠨ ᠴᠣᠭᠴᠠᠯᠠᠬᠤ᠂ ᠬᠤᠪᠣᠷ ᠰᠢᠷᠣᠢ ᠶᠢᠨ ᠠᠵᠤ ᠦᠢᠯᠡᠰ᠂ ᠳᠡᠭᠡᠳᠦ ᠬᠥᠩᠭᠡᠨᠴᠠᠭᠠᠨᠲᠤ ᠨᠡᠭᠦᠷᠡᠰᠦᠨ ᠤ ᠨᠤᠨᠳᠠᠭ ᠢ ᠶᠡᠷᠦᠩᠬᠡᠶᠢᠯᠡᠨ ᠠᠰᠢᠭᠯᠠᠬᠤ᠂ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠪᠠᠲᠤᠯᠠᠭᠠᠲᠤ ᠵᠢᠭᠡᠯᠡᠯᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠭᠦ ᠬᠦᠴᠦᠨ ᠢᠶᠠᠷ ᠠᠬᠢᠭᠤᠯᠵᠤ᠂ ᠠᠵᠤ ᠠᠬᠤᠢ ᠶᠢᠨ ᠪᠦᠲᠦᠴᠡ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠬᠢᠬᠦ ᠶᠢ ᠲᠦᠷᠭᠡᠳᠬᠡᠨ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠵᠠᠮ ᠢ ᠬᠠᠶᠢᠵᠤ᠂ ᠥᠪᠥᠷ ᠮᠣᠩᠭᠤᠯ ᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠠᠬᠢᠭᠤᠯᠬᠤ ᠪᠣᠯᠣᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ