11 ᠰᠠᠷ᠎ᠠ ᠶᠢᠨ 28 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠰᠤᠲᠠᠶᠢᠴᠤᠳ ᠢ ᠠᠰᠠᠷᠠᠨ ᠰᠣᠪᠢᠯᠠᠬᠤ ᠬᠦᠷᠢᠶᠡᠯᠡᠩ ᠵᠢᠩᠬᠢᠨᠢ ᠪᠠᠷ | ᠠᠰᠢᠭᠯᠠᠯᠲᠠ ᠳᠤ ᠣᠷᠣᠵᠤ᠂ ᠨᠠᠩ ᠣᠯᠠᠨ ᠨᠠᠰᠤᠲᠠᠶᠢᠴᠤᠳ ᠲᠤ ᠡᠷᠡᠭᠦᠯ ᠮᠡᠨᠳᠦ ᠶᠢᠨ ᠠᠰᠠᠷᠠᠨ ᠰᠣᠪᠢᠯᠠᠬᠤ ᠰᠢᠯᠢᠳᠡᠭ ᠦᠢᠯᠡᠴᠢᠯᠡᠭᠡ ᠬᠠᠩᠭᠠᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠪᠡ᠃ ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠼᠤᠤ ᠳ᠋ᠦᠩ ᠯᠧᠢ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠥᠬᠡᠪᠠᠶᠠᠷ᠂ ᠴᠠᠩ ᠴᠢᠩ᠂ ᠳᠠᠰᠢᠵᠠᠮᠰᠤ ᠨᠠᠷ ᠨᠡᠭᠡᠭᠡᠯᠲᠡ ᠶᠢᠨ | ᠶᠣᠰᠣᠯᠠᠯ ᠳᠤ ᠣᠷᠣᠯᠴᠠᠪᠠ᠃ | | | | ᠶᠣᠰᠣᠯᠠᠯ ᠳᠤ᠂ ᠼᠤᠤ ᠳ᠋ᠦᠩ ᠯᠧᠢ ᠪᠣᠯᠣᠨ ᠪᠦᠬᠡᠪᠠᠶᠠᠷ ᠬᠠᠮᠲᠤ ᠪᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠰᠤᠲᠠᠶᠢᠴᠤᠳ ᠢ ᠠᠰᠠᠷᠠᠨ ᠰᠣᠪᠢᠯᠠᠬᠤ | ᠬᠦᠷᠢᠶᠡᠯᠡᠩ ᠤᠨ ᠫᠠᠶᠢᠰᠠ ᠶᠢ ᠰᠡᠭᠦᠬᠦ ᠶᠢᠨ ᠬᠠᠮᠲᠤ᠂ ᠠᠰᠠᠷᠠᠨ ᠰᠣᠪᠢᠯᠠᠬᠤ ᠬᠦᠷᠢᠶᠡᠯᠡᠩ ᠤᠨ ᠳᠣᠲᠣᠭᠠᠳᠤ ᠪᠠᠶᠢᠭᠤᠯᠤᠮᠵᠢ ᠪᠠ ᠶᠡᠷᠦᠩᠬᠡᠶᠢᠯᠡᠭᠰᠡᠨ ᠲᠥᠬᠦᠭᠡᠷᠦᠮᠵᠢ | ᠵᠡᠷᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠪᠡ᠃ | ᠴᠠᠩ ᠴᠢᠩ᠂ ᠨᠠᠰᠤᠲᠠᠶᠢᠴᠤᠳ ᠤᠨ ᠦᠢᠯᠡᠰ ᠢ ᠢᠳᠡᠪᠬᠢᠲᠡᠢ ᠬᠥᠭᠵᠢᠭᠦᠯᠵᠦ᠂ ᠨᠠᠰᠤᠲᠠᠶᠢᠴᠤᠳ ᠲᠤ ᠡᠷᠡᠭᠦᠯ ᠡᠩᠬᠡ ᠡᠶ᠎ᠡ ᠵᠣᠬᠢᠴᠠᠩᠭᠤᠢ ᠠᠮᠢᠳᠤᠷᠠᠯ ᠤᠨ | ᠣᠷᠴᠢᠨ ᠲᠣᠭᠤᠷᠢᠨ ᠢ ᠡᠭᠦᠳᠴᠦ ᠥᠭᠬᠦ ᠪᠣᠯ ᠨᠠᠮ ᠪᠠ ᠵᠠᠰᠠᠭ ᠤᠨ ᠣᠷᠳᠣᠨ ᠤ ᠵᠠᠶᠢᠯᠠᠭᠤᠯᠵᠤ ᠪᠣᠯᠣᠰᠢ ᠦᠭᠡᠢ ᠡᠭᠦᠷᠭᠡ ᠬᠠᠷᠢᠭᠤᠴᠠᠯᠭ᠎ᠠ ᠮᠥᠨ᠃ ᠮᠠᠨ ᠤ | ᠬᠤᠰᠢᠭᠤ ᠨᠠᠰᠤᠲᠠᠶᠢᠴᠤᠳ ᠢ ᠠᠰᠠᠷᠠᠨ ᠰᠣᠪᠢᠯᠠᠬᠤ ᠬᠦᠷᠢᠶᠡᠯᠡᠩ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠨᠢ᠂ ᠲᠦᠪᠯᠡᠷᠡᠩᠭᠦᠢ ᠠᠰᠠᠷᠠᠨ ᠰᠣᠪᠢᠯᠠᠵᠤ | ᠪᠠᠶᠢᠭ᠎ᠠ ᠬᠥᠮᠥᠰ ᠵᠢᠴᠢ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ ᠥᠨᠳᠥᠷ ᠨᠠᠰᠤᠲᠠᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ | ᠵᠡᠷᠭᠡ ᠠᠰᠠᠷᠠᠨ ᠰᠣᠪᠢᠯᠠᠬᠤ ᠬᠦᠷᠢᠶᠡᠯᠡᠩ ᠳᠤ ᠣᠷᠣᠵᠤ ᠰᠠᠭᠤᠬᠤ ᠬᠦᠰᠡᠯ ᠲᠠᠢ ᠨᠠᠰᠤᠲᠠᠶᠢᠴᠤᠳ ᠲᠤ ᠨᠠᠩ ᠠᠮᠤᠷ ᠲᠦᠪᠰᠢᠨ᠂ ᠲᠣᠬᠢᠯᠢᠭ ᠲᠠᠭᠠᠯᠠᠮᠵᠢᠲᠠᠢ | ᠠᠮᠢᠳᠤᠷᠠᠯ ᠤᠨ ᠣᠷᠴᠢᠨ ᠲᠣᠭᠤᠷᠢᠨ ᠪᠠ ᠨᠠᠩ ᠰᠢᠯᠢᠳᠡᠭ᠂ ᠲᠤᠰᠬᠠᠢ ᠮᠡᠷᠭᠡᠵᠢᠯ ᠤᠨ ᠠᠰᠠᠷᠠᠨ ᠰᠤᠪᠢᠯᠠᠬᠤ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠲᠤ | ᠦᠨᠡᠨᠬᠦ ︽ᠥᠲᠡᠯᠬᠦ ᠶᠢᠨ ᠲᠦᠰᠢᠭ ᠲᠠᠢ︾ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | ᠣᠶᠢᠯᠠᠭᠠᠭᠰᠠᠨ ᠢᠶᠠᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠰᠤᠲᠠᠶᠢᠴᠤᠳ ᠢ ᠠᠰᠠᠷᠠᠨ ᠰᠣᠪᠢᠯᠠᠬᠤ ᠬᠦᠷᠢᠶᠡᠯᠡᠩ ᠪᠣᠯ ᠨᠠᠰᠤᠲᠠᠶᠢᠴᠤᠳ ᠢ ᠠᠰᠠᠷᠠᠨ | ᠰᠣᠪᠢᠯᠠᠬᠤ᠂ ᠡᠮ ᠡᠮᠨᠡᠯᠭᠡ ᠡᠷᠡᠭᠦᠯᠵᠢᠯ᠂ ᠡᠷᠡᠭᠦᠯ ᠮᠡᠨᠳᠦ ᠶᠢᠨ ᠠᠵᠢᠯᠯᠠᠭ᠎ᠠ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠪᠣᠯᠣᠨ᠎ᠠ᠂ ᠡᠵᠡᠯᠡᠬᠦ ᠲᠠᠯᠠᠪᠠᠶ ᠨᠢ 21171.22 ᠲᠡᠭᠰᠢ ᠳᠦᠷᠪᠡᠯᠵᠢᠨ ᠮᠧᠲᠷ᠂ ᠪᠠᠷᠢᠯᠭ᠎ᠠ ᠶᠢᠨ ᠶᠡᠷᠦᠩᠬᠡᠢ ᠲᠠᠯᠠᠪᠠᠶ 6299.09 | ᠲᠡᠭᠰᠢ ᠳᠦᠷᠪᠡᠯᠵᠢᠨ ᠮᠧᠲᠷ ᠪᠠᠶᠢᠵᠤ᠂ ᠨᠡᠶᠢᠲᠡ 130 ᠣᠷᠣ ᠲᠣᠬᠢᠷᠠᠭᠤᠯᠪᠠ᠃ ᠣᠯᠠᠨ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠨᠠᠰᠤᠵᠢᠯ ᠤᠨ ᠦᠢᠯᠡᠰ ᠤᠨ ᠬᠥᠭᠵᠢᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠰᠤᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ᠂ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠬᠤ᠂ ᠡᠮᠴᠢᠯᠡᠭᠡᠨ ᠤ ᠰᠤᠪᠢᠯᠠᠯᠲᠠ ᠪᠠ ᠡᠷᠡᠭᠦᠯᠵᠢᠯ ᠤᠨ ᠰᠤᠪᠢᠯᠠᠯᠲᠠ ᠶᠢᠨ ᠠᠭᠤᠰᠤᠯᠴᠠᠨ | ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ | ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠨᠠᠰᠤᠲᠠᠶᠢᠴᠤᠳ ᠤᠨ ᠦᠢᠯᠡᠴᠢᠯᠡᠭᠡ ᠡᠳᠦᠷ ᠢᠷᠡᠬᠦᠶ᠎ᠡ ᠲᠡᠭᠦᠯᠳᠡᠷᠵᠢᠵᠦ᠂ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ᠃ | ᠰᠢᠨ᠎ᠡ ᠪᠠᠷᠭᠤ ᠪᠠᠷᠠᠭᠤᠨ ᠬᠤᠰᠢᠭᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠶᠢᠨ ᠴᠢᠬᠤᠯᠠ ᠭᠠᠷᠳᠠᠬᠤ ᠴᠡᠭ ᠪᠣᠯᠭᠠᠵᠤ᠂ ᠪᠠᠲᠤᠯᠠᠭ᠎ᠠ ᠶᠢᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ ᠬᠢᠷᠢ ᠲᠦᠪᠰᠢᠨ ᠢ ᠳᠡᠭᠡᠭᠰᠢᠯᠡᠭᠦᠯᠦᠨ᠂ ᠠᠭᠤᠰᠤᠯᠴᠠᠨ ᠭᠦᠨᠵᠡᠭᠡᠶᠢᠷᠡᠨ ᠬᠥᠭᠵᠢᠬᠦ ᠶᠢ | ᠠᠬᠢᠭᠤᠯᠵᠤ᠂ ᠨᠠᠰᠤᠲᠠᠶᠢᠴᠤᠳ ᠲᠤ ᠵᠣᠯ ᠵᠢᠷᠭᠠᠯ ᠡᠳ᠋ᠯᠡᠭᠦᠯᠬᠦ ᠪᠠᠷ ᠬᠦᠴᠦᠯᠡᠨ ᠴᠢᠷᠮᠠᠶᠢᠨ᠎ᠠ᠃ | | |