ᠴᠠᠩ ᠴᠢᠩ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/29
      11 ᠰᠠᠷ᠎ᠠ ᠶᠢᠨ 28 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠬᠤᠷᠠᠯ ᠢ ᠡᠷᠬᠢᠯᠡᠵᠦ᠂ ᠬᠤᠰᠢᠭᠤᠨ ᠤ ᠤᠳᠤᠷᠢᠳᠤᠯᠭ᠎ᠠ ᠪᠠᠢ ᠴᠦᠨ ᠮᠧᠶ᠂ ᠸᠠᠩ ᠰᠢᠶᠣᠣ ᠹᠧᠢ᠂ ᠦᠷᠭᠡᠨ᠂ ᠱᠧᠨ ᠭᠦᠸᠧ ᠴᠧᠨ᠂ ᠢᠦᠢ ᠵᠥᠩ ᠯᠧᠢ ᠬᠤᠷᠠᠯ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
11.29安全生产.jpg
      ᠬᠤᠷᠠᠯ ᠠᠴᠠ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠴᠠᠩ ᠴᠢᠩ᠂ ᠥᠨᠥ ᠵᠢᠯ ᠠᠴᠠ ᠨᠠᠰᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠬᠦᠴᠦᠲᠡᠢ ᠠᠬᠢᠭᠤᠯᠤᠭᠰᠠᠨ ᠪᠠᠶᠢᠨ᠎ᠠ᠃ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠳ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠴᠢᠩᠭ᠎ᠠ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠪᠥᠬᠦ ᠵᠢᠯ ᠳᠤ ᠲᠣᠭᠲᠠᠭᠤᠨ ᠢᠶᠠᠷ ᠳᠠᠭᠤᠰᠬᠠᠬᠤ ᠳᠤ ᠦᠵᠡᠭᠦᠯᠬᠦ ᠴᠢᠬᠤᠯᠠ ᠴᠢᠨᠠᠷ ᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠬᠦᠨᠳᠦ ᠶᠡᠭᠡ ᠠᠶᠤᠯᠭᠦᠢ ᠶᠢᠨ ᠠᠳᠡᠯ ᠬᠡᠷᠡᠭ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠦᠴᠦᠲᠡᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠴᠠᠩ ᠴᠢᠩ᠂ ᠡᠯ᠎ᠡ ᠰᠠᠯᠠᠭ᠎ᠠ ᠮᠥᠴᠢᠷ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠪᠠ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠬᠠᠤᠯᠢ ᠬᠡᠷᠡᠭᠵᠢᠭᠦᠯᠬᠦ ᠪᠠᠶᠢᠴᠠᠭᠠᠯᠲᠠ ᠵᠢᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠵᠡᠷᠭᠡ ᠠᠵᠢᠯ ᠢ ᠰᠠᠶᠢᠲᠤᠷ ᠠᠳᠬᠤᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢᠶᠠᠷ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ ᠬᠡᠷᠡᠭ ᠢ ᠡᠷᠡᠰ ᠰᠡᠷᠭᠡᠶᠢᠯᠡᠨ ᠬᠤᠷᠢᠭᠯᠠᠵᠤ᠂ ᠪᠥᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠡᠯ᠎ᠡ ᠳᠡᠳ᠋ ᠬᠤᠰᠢᠭᠤᠨ ᠳᠠᠷᠤᠭ᠎ᠠ ᠪᠠᠰᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠲᠠᠢ ᠪᠠᠨ ᠤᠶᠠᠯᠳᠤᠭᠤᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ