ᠪᠥᠬᠡᠪᠠᠶᠠᠷ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠪᠣᠳᠠᠲᠠᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠢᠯᠯᠠᠬᠤ ᠪᠠᠷ ᠤᠷᠢᠲᠠᠯ ᠪᠣᠯᠭᠠᠵᠤ ᠪᠥᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2023/11/30
     11 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢᠨ ᠲᠤᠰᠬᠠᠢ ᠬᠢᠨᠠᠨ ᠰᠢᠯᠭᠠᠯᠲᠠ ᠶᠢᠨ ᠳᠡᠭᠡᠳᠦ ᠱᠠᠲᠤᠨ ᠤ ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠶᠢᠨ ᠪᠠᠶᠢᠳᠠᠯ᠂ ᠮᠠᠨ ᠤ ᠬᠤᠰᠢᠭᠤᠨ ᠤ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ᠂ ᠥᠭᠡᠷᠡᠴᠢᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠰᠣᠨᠣᠰᠴᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠪᠠ᠃ ᠬᠤᠰᠢᠭᠤᠨ ᠤ ᠤᠳᠤᠷᠢᠳᠤᠯᠭ᠎ᠠ ᠴᠠᠩ ᠴᠢᠩ᠂ ᠲᠢᠶᠠᠨ ᠹᠧᠩ ᠯᠢᠨ ᠨᠠᠷ ᠬᠤᠷᠠᠯ ᠳᠤ ᠣᠷᠣᠯᠴᠠᠪᠠ᠃
11.29布.jpg
      ᠬᠤᠷᠠᠯ ᠳᠡᠭᠡᠷ᠎ᠡ᠂ ᠪᠥᠬᠡᠪᠠᠶᠠᠷ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ᠪᠠ ︽ᠨᠢᠭᠡ ᠬᠦᠭᠦᠷᠭᠡᠨ ᠪᠠᠬᠢᠯᠡᠯᠲᠡ︾ ᠶᠢ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠪᠣᠯᠣᠨ᠎ᠠ ᠃ ᠡᠯ᠎ᠡ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠣᠳᠣᠬᠠᠨ ᠤ ᠪᠠᠶᠢᠳᠠᠯ ᠢ ᠡᠵᠡᠮᠳᠡᠨ᠂ ᠭᠤᠣᠯ ᠡᠭᠦᠷᠭᠡ ᠪᠠᠨ ᠲᠣᠳᠣᠷᠬᠠᠶᠢᠯᠠᠵᠤ᠂ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠠᠰᠠᠭᠤᠳᠠᠯ ᠤᠨ ᠵᠥᠷᠢᠶ᠎ᠡ ᠳᠤ ᠵᠥᠪ ᠢᠶᠠᠷ ᠬᠠᠨᠳᠤᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠠᠰᠠᠭᠤᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠲᠥᠯᠦᠪᠵᠢᠭᠦᠯᠭᠡ ᠠᠴᠠ ᠳᠡᠭᠡᠭᠰᠢᠬᠢ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠵᠤ᠂ ᠮᠠᠯ ᠠᠵᠤ ᠠᠬᠤᠢ᠂ ᠣᠳᠣᠬᠢᠴᠢᠯᠠᠭᠰᠠᠨ ᠠᠵᠤ ᠦᠢᠯᠡᠳᠪᠦᠷᠢ ᠵᠢᠴᠢ ᠪᠣᠭᠤᠮᠲᠠ ᠶᠢᠨ ᠵᠢᠭᠤᠯᠴᠢᠯᠠᠯ ᠪᠠ ᠪᠠᠷᠠᠭᠠᠨ ᠤ ᠲᠡᠭᠡᠭᠡᠪᠦᠷᠢ ᠶᠢᠨ ᠦᠢᠯᠡᠴᠢᠯᠡᠭᠡᠨ ᠤ ᠦᠢᠯᠡᠰ ᠤᠨ ᠠᠮᠢᠳᠤᠯᠢᠭ ᠪᠠᠶᠢᠳᠠᠯ ᠢ ᠰᠢᠨᠲᠠᠷᠠᠰᠢ ᠦᠭᠡᠢ ᠰᠠᠶᠢᠲᠤᠷ ᠡᠭᠦᠳᠴᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠬᠦᠴᠦᠨ ᠴᠢᠳᠠᠯ ᠢᠶᠠᠨ ᠲᠥᠪᠯᠡᠷᠡᠭᠦᠯᠦᠨ ᠭᠠᠶᠢᠯᠢ ᠲᠠᠲᠠᠪᠤᠷᠢ ᠶᠢᠨ ᠣᠷᠣᠯᠭ᠎ᠠ ᠶᠢ ᠨᠡᠮᠡᠭᠳᠡᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠲᠠᠰᠤᠷᠠᠯᠲᠠ ᠦᠭᠡᠢ ᠥᠷᠭᠡᠳᠬᠡᠨ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠂ ᠬᠥᠯᠥᠨ ᠪᠤᠶᠢᠷ ᠬᠤᠲᠠ ᠶᠢᠨ ᠡᠯ᠎ᠡ ᠵᠦᠢᠯ ᠤᠨ ᠰᠢᠯᠭᠠᠨ ᠬᠢᠨᠠᠬᠤ ᠡᠭᠦᠷᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠡᠭᠦᠨ ᠤ ᠬᠠᠮᠲᠤ ᠠᠵᠢᠯᠯᠠᠬᠤ ᠴᠢᠨᠠᠷᠲᠠᠢ᠂ ᠬᠡᠪᠰᠢᠭᠰᠡᠨ ᠰᠠᠶᠢᠨ ᠲᠥᠷᠥᠯ ᠵᠦᠢᠯ ᠢ ᠡᠷᠲᠡᠬᠡᠨ ᠲᠥᠯᠥᠪᠯᠡᠨ ᠭᠠᠷᠭᠠᠵᠤ᠂ ᠢᠷᠡᠬᠦ ᠵᠢᠯ ᠤᠨ ᠬᠥᠭᠵᠢᠯᠲᠡ ᠳᠤ ᠰᠠᠶᠢᠨ ᠰᠠᠭᠤᠷᠢ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠢᠯᠡᠳᠦᠯᠭᠡ ᠶᠢ ᠴᠢᠷᠮᠠᠶᠢᠨ ᠪᠡᠶᠡᠯᠡᠭᠦᠯᠬᠦ ᠵᠠᠮ ᠳᠡᠭᠡᠷ᠎ᠡ ᠲᠡᠦᠬᠡᠲᠦ ᠴᠢᠨᠠᠷᠲᠠᠢ ᠰᠢᠨ᠎ᠡ ᠢᠯᠠᠯᠲᠠ ᠶᠢ ᠣᠯᠵᠤ᠂ ᠭᠤᠶᠢᠳᠠ ᠰᠠᠶᠢᠬᠠᠨ ᠰᠢᠨ᠎ᠡ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃       ᠴᠠᠩ ᠴᠢᠩ᠂ ᠣᠳᠣᠬᠠᠨ ᠳᠤ ᠨᠢᠭᠡᠨᠲᠡ ᠵᠢᠯ ᠤᠨ ᠡᠴᠦᠰ ᠤᠨ ︽ᠰᠢᠯᠭᠠᠯᠲᠠ ᠶᠢᠨ ᠬᠠᠭᠤᠳᠠᠰᠤ ᠪᠠᠨ ᠲᠤᠰᠢᠶᠠᠵᠤ ᠬᠤᠪᠢ ᠲᠣᠭᠲᠠᠭᠠᠬᠤ︾ ᠵᠠᠩᠭᠢᠯᠠᠭ᠎ᠠ ᠶᠢᠨ ᠰᠢᠪᠲᠤᠯᠤᠯᠲᠠ ᠶᠢᠨ ᠱᠠᠲᠤᠨ ᠳᠤ ᠣᠷᠣᠪᠠ᠂ ᠬᠢᠨᠠᠨ ᠰᠢᠯᠭᠠᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠤᠲᠠᠭᠤᠳᠠᠯ ᠬᠦᠷᠦᠯᠴᠡᠬᠦ ᠦᠭᠡᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠳᠡᠭᠡᠭᠰᠢᠯᠡᠭᠦᠯᠦᠯᠲᠡ ᠶᠢ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠬᠥᠭᠵᠢᠯᠲᠡ ᠶᠢ ᠠᠳᠬᠤᠵᠤ᠂ ︽ᠲᠠᠪᠤᠨ ᠶᠡᠭᠡ ᠡᠭᠦᠷᠭᠡ︾ ᠶᠢᠨ ᠲᠤᠰᠬᠠᠢ ᠬᠢᠨᠠᠨ ᠰᠢᠯᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ︽ᠪᠥᠬᠦ ᠵᠢᠯ ᠳᠤ ᠲᠣᠭᠲᠠᠭᠤᠨ ᠪᠠᠶᠢᠯᠭᠠᠬᠤ︾ ︽ᠪᠥᠬᠦ ᠵᠢᠯ ᠳᠤ ᠠᠬᠢᠭᠤᠯᠬᠤ︾ ᠠᠵᠢᠯ ᠤᠨ ᠬᠠᠷᠠᠯᠲᠠ ᠶᠢ ᠪᠡᠶᠡᠯᠡᠭᠦᠯᠵᠦ᠂ ᠥᠪᠥᠷ ᠮᠣᠩᠭᠤᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠮᠠᠨ ᠤ ᠬᠤᠰᠢᠭᠤᠨ ᠳᠤ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ