ᠮᠠᠨ ᠤ ᠤᠷᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ 145 ᠵᠦᠢᠯ ᠤᠨ ᠠᠵᠢᠯᠯᠠᠭ᠎ᠠ ᠥᠷᠨᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2023/11/30
      ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠤᠷᠤᠨ 2023 — 2024 ᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ 20 ᠳ᠋ᠤᠭᠠᠷ ᠬᠤᠭᠤᠴᠠᠭᠠᠨ ᠤ ᠮᠥᠰᠥ ᠴᠠᠰᠤᠨ ᠤ ᠨᠠᠭᠠᠳᠤᠮ ᠢ ᠪᠠᠭᠲᠠᠭᠠᠭᠰᠠᠨ 145 ᠵᠦᠢᠯ ᠤᠨ ᠠᠵᠢᠯᠯᠠᠭ᠎ᠠ ᠥᠷᠨᠢᠭᠦᠯᠵᠦ᠂ ᠨᠢᠳᠤᠨᠤᠨ ᠤ ᠬᠢ ᠠᠴᠠ 20% ᠪᠠᠷ ᠨᠡᠮᠡᠭᠳᠡᠬᠦ ᠪᠤᠯᠤᠨ᠎ᠠ᠃      ᠡᠨᠡ ᠵᠢᠯ ᠮᠠᠨ ᠤ ᠤᠷᠤᠨ ᠡᠪᠤᠯ ᠤᠨ ᠤᠯᠠᠷᠢᠯ ᠤᠨ ᠵᠢᠭᠤᠯᠴᠢᠯᠠᠯ ᠳᠤ ᠤᠯᠠᠮᠵᠢᠯᠠᠯᠲᠤ ᠮᠥᠰᠥ ᠴᠠᠰᠤᠨ ᠤ ᠵᠢᠭᠤᠯᠴᠢᠯᠠᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠮᠥᠰᠥ ᠴᠠᠰᠤᠨ ᠤ ᠲᠥᠷᠥᠯ ᠵᠦᠢᠯ ᠢ ᠥᠷᠭᠡᠳᠭᠡᠵᠦ᠂ ᠭᠤᠤᠯᠳᠠᠭᠤ ︽ᠮᠥᠰᠥ ᠴᠠᠰᠤ + ᠤᠷᠤᠯᠳᠤᠭᠠᠨ︾᠂ ︽ᠮᠥᠰᠥ ᠴᠠᠰᠤ + ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ︾᠂ ︽ᠮᠥᠰᠥ ᠴᠠᠰᠤ + ᠬᠡᠭᠡᠷ᠎ᠡ ᠪᠠᠭᠤᠳᠠᠯᠯᠠᠬᠤ︾᠂ ︽ᠮᠥᠰᠥ ᠴᠠᠰᠤ + ᠠᠮᠠᠷᠠᠨ ᠵᠢᠭᠤᠯᠴᠢᠯᠠᠬᠤ︾᠂ ︽ᠮᠥᠰᠥ ᠴᠠᠰᠤ + ᠡᠷᠡᠭᠦᠯᠵᠢᠯ ᠰᠤᠪᠢᠯᠠᠯᠲᠠ︾᠂ ︽ᠮᠥᠰᠥ ᠴᠠᠰᠤ + ᠵᠠᠩ ᠦᠢᠯᠡ︾᠂ ︽ᠮᠥᠰᠥ ᠴᠠᠰᠤ + ᠰᠤᠳᠤᠯᠤᠨ ᠰᠤᠷᠤᠯᠴᠠᠬᠤ︾᠂ ︽ᠮᠥᠰᠥ ᠴᠠᠰᠤ + ᠲᠣᠭᠯᠠᠯᠲᠠ︾ ᠵᠡᠷᠭᠡ ᠪᠠᠷ ᠵᠢᠭᠤᠯᠴᠢᠯᠠᠯ ᠤᠨ ᠠᠭᠤᠯᠭ᠎ᠠ ᠶᠢ ᠪᠠᠶᠠᠯᠢᠬᠵᠢᠭᠤᠯᠬᠤ ᠪᠠᠷ ᠪᠤᠢ᠃ ᠡᠬᠦᠨ ᠤ ᠬᠠᠮᠳᠦ ᠰᠣᠶᠣᠯ ᠪᠠ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ᠂ ᠰᠢ ᠵᠦᠴᠦᠭᠡ ᠵᠡᠷᠭᠡ ᠮᠥᠰᠥ ᠴᠠᠰᠤᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠬᠦᠴᠦᠯᠡᠨ ᠴᠤᠭᠴᠠᠯᠠᠵᠦ᠂ ᠪᠠᠰᠠ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠵᠡᠷᠭᠡ ᠤᠯᠤᠰ ᠤᠨ ᠥᠮᠴᠢᠯᠡᠯ ᠤᠨ ᠤᠷᠠᠯᠢᠭ ᠤᠨ ᠪᠦᠯᠬᠦᠮ ᠤᠨ ᠲᠤᠰᠬᠠᠢ ᠲᠣᠭᠯᠠᠯᠲᠠ᠂ ᠰᠢᠨ᠎ᠡ ᠵᠢᠯ ᠴᠠᠭᠠᠨ ᠰᠠᠷ᠎ᠠ ᠶᠢᠨ ᠳᠠᠭᠤᠤ ᠬᠦᠭᠵᠢᠮ ᠤᠨ ᠴᠤᠭᠯᠠᠭᠠᠨ ᠵᠡᠷᠭᠡ ᠶᠢ ᠵᠣᠬᠢᠶᠠᠨ ᠪᠠᠶᠢᠭᠤᠯᠤᠨ᠎ᠠ︔ ᠡᠯ᠎ᠡ ᠭᠠᠵᠠᠷ ᠤᠨ ᠰᠣᠶᠣᠯ ᠤᠷᠠᠯᠢᠭ ᠤᠨ ᠪᠦᠯᠬᠦᠮ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠣᠭᠯᠠᠯᠲᠠ ᠶᠢᠨ ᠵᠠᠬ᠎ᠠ ᠳᠡᠯᠭᠡᠭᠦᠷ ᠢ ᠤᠯᠠᠮ ᠬᠦᠭᠵᠢᠶᠡᠨ ᠲᠠᠢ ᠪᠣᠯᠭᠠᠨ᠎ᠠ︔ ᠡᠯ᠎ᠡ ᠱᠠᠲᠤᠨ ᠤ ᠤᠯᠠᠭᠠᠨᠮᠥ᠋ᠴᠢᠷ᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠰᠢᠯᠢᠳᠡᠭ ᠪᠦᠲᠦᠭᠡᠯ ᠤᠨ ᠲᠣᠭᠤᠷᠢᠨ ᠲᠣᠭᠯᠠᠯᠲᠠ ᠶᠢ ᠵᠣᠬᠢᠶᠠᠨ ᠪᠠᠶᠢᠭᠤᠯᠵᠤ᠂ ᠰᠢᠨ᠎ᠡ ᠵᠢᠯ ᠤᠨ ᠳᠠᠭᠤᠤ ᠬᠦᠭᠵᠢᠮ ᠤᠨ ᠥᠳᠡᠰᠢᠯᠡᠭᠡ᠂ ᠴᠠᠭᠠᠨ ᠰᠠᠷ᠎ᠠ ᠶᠢᠨ ᠦᠳᠡᠰᠢᠯᠡᠭᠡ᠂ ᠲᠣᠰᠬᠤᠨ ᠤ ᠦᠳᠡᠰᠢᠯᠡᠭᠡ ᠠᠷᠠᠳ ᠤᠨ ᠳᠠᠭᠤᠤ ᠶᠢᠨ ᠴᠢᠭᠤᠯᠭᠠᠨ ᠵᠡᠷᠭᠡ ᠡᠪᠦᠯ ᠤᠨ ᠤᠯᠠᠷᠢᠯ ᠤᠨ ᠲᠣᠭᠯᠠᠯᠲᠠ ᠭᠠᠷᠭᠠᠨ᠂ ᠮᠦᠰᠦ ᠴᠠᠰᠤᠨ ᠤ ᠵᠢᠭᠤᠯᠴᠢᠯᠠᠯ ᠢ ᠤᠯᠠᠮ ᠬᠦᠭᠵᠢᠶᠡᠨ ᠲᠠᠢ᠂ ᠤᠯᠠᠮ ᠤᠳᠬ᠎ᠠ ᠠᠭᠤᠯᠭ᠎ᠠ ᠲᠠᠢ ᠪᠤᠯᠭᠠᠨ ᠶᠠᠪᠤᠭᠳᠠᠭᠤᠯᠬᠤ ᠪᠠᠷ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ