ᠠᠯᠳ᠋ᠬᠠᠮᠡᠭᠡᠯ ᠪᠠᠯᠭᠠᠰᠤ ᠶᠢᠨ ᠭᠡᠷᠦᠯᠦᠨ ᠨᠡᠶᠢᠭᠡᠮ ᠲᠣᠭᠤᠷᠢᠭ ︽ᠵᠢᠷᠭᠤᠭᠠᠨ ᠳᠠᠯ᠎ᠠ ᠪᠠᠷ ᠬᠠᠮᠳᠤ ᠪᠠᠷ ᠵᠦᠪᠯᠡᠵᠦ︾ ᠦᠨᠳᠦᠰᠦᠨ ᠱᠠᠲᠤᠨ ᠤ ᠵᠠᠰᠠᠯᠳᠠ ᠶᠢᠨ ᠪᠤᠳᠠᠳᠤ ᠦᠷ᠎ᠡ ᠪᠦᠳᠦᠮᠵᠢ ᠶᠢ ᠳᠡᠭᠡᠭᠰᠢᠯᠡᠭᠦᠯᠵᠦ ᠪᠤᠢ
ᠨᠡᠶᠢᠲᠡᠯᠡᠭᠰᠡᠨ ᠴᠠᠭ᠄
2023/11/30
       ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠦ ᠶᠢᠨ ᠭᠡᠷᠦᠯᠦᠨ ᠨᠡᠶᠢᠭᠡᠮ ᠲᠣᠭᠤᠷᠢᠭ ᠤᠨ ᠨᠠᠮ ᠤᠨ ᠡᠬᠦᠷ ︽ᠵᠢᠷᠭᠤᠭᠠᠨ ᠳᠠᠯ᠎ᠠ ᠪᠠᠷ ᠬᠠᠮᠳᠤ ᠪᠠᠷ ᠵᠦᠪᠯᠡᠭᠦ︾ ᠵᠠᠭᠪᠤᠷ ᠢ ᠡᠭᠦᠳᠦᠨ ᠭᠡᠷᠡᠭᠵᠢᠭᠦᠯᠵᠦ᠂ ᠦᠨᠳᠦᠰᠦᠨ ᠱᠠᠲᠤᠨ ᠤ ᠵᠠᠰᠠᠯᠳᠠ ᠶᠢᠨ ᠪᠤᠳᠠᠳᠤ ᠦᠷ᠎ᠡ ᠪᠦᠳᠦᠮᠵᠢ ᠶᠢ ᠳᠡᠭᠡᠭᠰᠢᠯᠡᠭᠦᠯᠵᠦ ᠪᠤᠢ᠃      ︽ᠤᠳᠤ ᠰᠠᠭᠤᠭᠠᠯᠢ ᠠᠷᠠᠳ ᠤᠨ ᠲᠣᠭᠤᠷᠢᠭ ᠤᠨ ᠤᠷᠴᠢᠨ ᠳᠤᠭᠤᠷᠢᠨ ᠥᠩᠭᠡᠷᠡᠭᠰᠡᠨ ᠠᠴᠠ ᠪᠠᠨ ᠴᠡᠪᠡᠷ ᠴᠡᠮᠴᠡᠭᠡᠷ ᠪᠤᠯᠵᠤ᠂ ᠬᠤᠭ ᠨᠤᠪᠰᠢ ᠲᠤᠷ᠎ᠠ ᠪᠠᠷ ᠬᠠᠶᠠᠬᠤ᠂ ᠨᠡᠶᠢᠲᠡ ᠶᠢᠨ ᠳᠤᠨᠤᠭ ᠳᠦᠭᠦᠭᠡᠷᠦᠮᠵᠢ ᠶᠢ ᠡᠪᠳᠡᠨ ᠰᠦᠢᠳᠭᠡᠭᠦ ᠵᠡᠷᠭᠡ ᠠᠰᠠᠭᠤᠳᠠᠯ ᠢ ᠴᠢᠩᠭ᠎ᠠ ᠬᠢᠨᠠᠨ ᠬᠠᠮᠢᠶᠠᠷᠤᠬᠰᠠᠨ ᠢᠶᠠᠷ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠠᠵᠢᠯ ᠳᠤ ᠮᠠᠰᠢ ᠬᠠᠨᠤᠮᠵᠢᠳᠠᠢ ᠪᠠᠶᠢᠨ᠎ᠠ︾ ᠭᠡᠵᠦ ᠸᠠᠩ ᠨᠠᠰᠤᠳᠠᠨ ᠨᠡᠶᠢᠭᠡᠮ ᠲᠣᠭᠤᠷᠢᠭ ᠤᠨ ᠠᠵᠢᠯᠳᠠᠨ ᠳᠤ ᠭᠡᠯᠡᠨ᠎ᠡ᠃      ᠰᠠᠭᠤᠭᠠᠯᠢ ᠠᠷᠠᠳ ᠤᠨ ᠲᠣᠭᠤᠷᠢᠭ ᠲᠤ ᠠᠳᠠᠯ ᠠᠬᠤᠢ ᠶᠢᠨ ᠺᠤᠮᠫᠠᠨᠢ ᠥᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠦ ᠶᠢᠨ ᠭᠡᠷᠦᠯᠦᠨ ᠨᠡᠶᠢᠭᠡᠮ ᠲᠣᠭᠤᠷᠢᠭ ᠤᠨ ᠨᠠᠮ ᠤᠨ ᠡᠬᠦᠷ ︽ᠵᠢᠷᠭᠤᠭᠠᠨ ᠳᠠᠯ᠎ᠠ ᠪᠠᠷ ᠬᠠᠮᠳᠤ ᠪᠠᠷ ᠵᠦᠪᠯᠡᠭᠦ︾ ᠵᠠᠭᠪᠤᠷ ᠢ ᠡᠭᠦᠳᠦᠨ ᠭᠡᠷᠡᠭᠵᠢᠭᠦᠯᠵᠦ᠂ ︽ᠨᠡᠶᠢᠭᠡᠮ ᠲᠣᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠤᠨ ᠵᠦᠪᠯᠡᠯ᠂ ᠬᠠᠮᠳᠤ ᠪᠠᠷ ᠪᠠᠶᠢᠭᠤᠯᠬᠤ ᠨᠢᠭᠡᠴᠡ᠂ ᠠᠳᠠᠯ ᠠᠬᠤᠢ ᠶᠢᠨ ᠠᠯᠪᠠᠨ ᠭᠡᠷ᠂ ᠠᠳᠠᠯ ᠠᠬᠤᠢ ᠶᠢᠨ ᠦᠢᠯᠡᠴᠢᠯᠡᠭᠡᠨ ᠤ ᠠᠵᠦ ᠠᠬᠤᠶᠢᠯᠠᠯ᠂ ᠦᠮᠴᠢᠯᠡᠭᠴᠢ ᠶᠢᠨ ᠺᠤᠮᠢᠰ︾ ᠵᠡᠷᠭᠡ ᠵᠢᠷᠭᠤᠭᠠᠨ ᠳᠠᠯ᠎ᠠ ᠶᠢᠨ ᠬᠦᠴᠦᠨ ᠢ ᠭᠦᠢᠴᠡᠳ ᠪᠠᠳᠠᠷᠠᠭᠤᠯᠵᠦ᠂ ᠬᠠᠮᠳᠤᠷᠠᠭᠰᠠᠨ ᠬᠤᠷᠠᠯ ᠤᠨ ᠳᠦᠷᠢᠮ ᠢ ᠲᠤᠬᠳᠠᠭᠠᠵᠤ᠂ ᠬᠠᠮᠳᠤ ᠪᠠᠷ ᠵᠦᠪᠯᠡᠭᠦ ᠳᠤᠭᠳᠠᠴᠠ ᠶᠢ ᠪᠦᠷᠢᠯᠳᠤᠭᠦᠯᠵᠦ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠳᠠ ᠶᠢᠨ ᠬᠦᠴᠦᠷᠭᠡᠭ ᠶᠡᠭᠡ ᠬᠠᠮᠳᠤᠷᠠᠯ ᠤᠨ ᠬᠦᠴᠦᠨ ᠢ ᠨᠢᠭᠲᠠᠷᠠᠭᠤᠯᠵᠤ᠂ ᠬᠤᠭ ᠨᠤᠪᠰᠢ ᠶᠢ ᠳᠤᠷ᠎ᠠ ᠪᠠᠷ ᠬᠠᠶᠠᠬᠤ᠂ ᠳᠤᠯᠠᠭᠠᠯᠠᠭ᠎ᠠ ᠶᠢᠨ ᠬᠤᠭᠤᠯᠠᠢ ᠡᠪᠳᠡᠭᠳᠡᠭᠦ ᠪᠠ ᠬᠠᠮᠢᠶᠠᠷᠬᠤ ᠬᠦᠮᠦᠨ ᠦᠭᠡᠢ ᠪᠠᠶᠢᠬᠤ ᠠᠰᠠᠭᠤᠳᠠᠯ ᠢ ᠭᠦᠢᠴᠡᠳ ᠰᠢᠢᠳᠪᠦᠷᠢᠯᠡᠵᠦ᠂ ᠲᠣᠭᠤᠷᠢᠭ ᠤᠨ ᠠᠳᠠᠯ ᠠᠬᠤᠢ ᠶᠢᠨ ᠬᠠᠮᠢᠶᠠᠷᠦᠯᠳᠠ ᠶᠢ ᠴᠢᠩᠭᠠᠳᠬᠠᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠳᠠ ᠶᠢᠨ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ︽ᠵᠢᠷᠭᠤᠭᠠᠨ ᠳᠠᠯ᠎ᠠ ᠪᠠᠷ ᠬᠠᠮᠳᠤ ᠪᠠᠷ ᠵᠦᠪᠯᠡᠭᠦ︾ ᠵᠠᠭᠪᠤᠷ ᠢ ᠭᠡᠷᠡᠭᠵᠢᠭᠦᠯᠦᠭᠰᠡᠨ ᠠᠴᠠ ᠨᠠᠭᠠᠰᠢ᠂ ᠤᠷᠢᠳ ᠬᠤᠵᠢᠳ ᠬᠠᠮᠢᠶᠠᠷᠦᠯᠳᠠ ᠬᠦᠷᠦᠯᠴᠡᠭᠦ ᠦᠭᠡᠢ᠂ ᠬᠤᠭ ᠨᠤᠪᠰᠢ ᠳᠤᠷ᠎ᠠ ᠪᠠᠷ ᠬᠠᠶᠠᠬᠤ ᠵᠡᠷᠭᠡ ᠵᠦᠷᠢᠴᠡᠯ ᠵᠠᠭᠤᠷᠠᠯᠳᠤᠭᠠᠨ ᠢ 32 ᠡᠶᠡᠳᠡᠭᠦᠯᠦᠨ ᠰᠢᠢᠳᠪᠦᠷᠢᠯᠡᠵᠦ᠂ ᠬᠠᠮᠢᠶ᠎ᠠ ᠪᠦᠬᠦᠢ 103 ᠠᠰᠠᠭᠤᠳᠠᠯ ᠢ ᠰᠢᠢᠳᠪᠦᠷᠢᠯᠡᠪᠡ᠃ ᠡᠭᠦᠨ ᠤ ᠬᠠᠮᠳᠦ 10 ᠳᠦᠮᠡᠨ ᠳᠦᠭᠦᠷᠢᠭ ᠤᠨ ᠨᠡᠶᠢᠭᠡᠮ ᠲᠣᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠲᠠ ᠶᠢᠨ ᠠᠷᠠᠳ ᠳᠦᠮᠡᠨ ᠳᠤ ᠦᠢᠯᠡᠴᠢᠯᠡᠭᠦ ᠳᠤᠰᠬᠠᠢ ᠪᠡᠯᠡ ᠮᠦᠩᠭᠦ ᠶᠢ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠤᠷᠤᠰᠢᠨ ᠰᠠᠭᠤᠬᠤ ᠤᠷᠴᠢᠨ ᠳᠤᠭᠤᠷᠢᠨ ᠢ ᠰᠠᠶᠢᠵᠢᠷᠠᠭᠤᠯᠬᠤ ᠳᠤ ᠪᠠᠳᠤᠯᠠᠭ᠎ᠠ ᠬᠠᠩᠭᠠᠬᠰᠠᠨ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ