ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠬᠢᠷᠢ ᠪᠦᠲᠦᠮᠵᠢ ᠶᠢ ᠥᠨᠥᠳᠦᠷ ᠨᠡᠶᠢᠲᠡᠯᠡᠨ᠎ᠡ︕
ᠨᠡᠶᠢᠲᠡᠯᠡᠭᠰᠡᠨ ᠴᠠᠭ᠄
2023/11/8
      ᠰᠤᠷᠭᠠᠨ ᠬᠥᠮᠦᠵᠢᠯ ᠤᠨ ᠶᠠᠮᠤᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠮᠡᠳᠡᠭᠡ ᠶᠢ ᠦᠨᠳᠦᠰᠦᠯᠡᠪᠡᠯ᠂ 2023 ᠣᠨ ᠤ ᠲᠤᠤᠷᠠᠳᠤ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ︵ᠪᠢᠷ ᠤᠨ ᠰᠢᠯᠭᠠᠯᠲᠠ︶ ᠬᠢᠷᠢ ᠪᠦᠲᠦᠮᠵᠢ ᠶᠢ 11 ᠰᠠᠷ᠎ᠠ ᠶᠢᠨ 8᠎ ᠤ ᠡᠳᠦᠷ ᠤᠨ 10 ᠴᠠᠭ ᠲᠤ ᠨᠡᠶᠢᠲᠡᠯᠡᠨ᠎ᠡ᠂ ᠰᠢᠯᠭᠠᠭᠤᠯᠤᠭᠴᠢ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠰᠦᠯᠵᠢᠶ᠎ᠡ ᠵᠢᠴᠢ ᠲᠡᠭᠦᠨ ᠤ ᠵᠢᠵᠢᠭ ᠫᠷᠤᠭ᠍ᠷᠠᠮ ᠢᠶᠠᠷ ᠪᠢᠷ ᠤᠨ ᠰᠢᠯᠭᠠᠯᠲᠠ ᠶᠢᠨ ᠢᠶᠠᠨ ᠬᠢᠷᠢ ᠪᠦᠲᠦᠮᠵᠢ ᠶᠢ ᠯᠠᠪᠯᠠᠨ ᠦᠵᠡᠵᠦ ᠪᠣᠯᠤᠨ᠎ᠠ᠃ ᠡᠭᠦᠨ ᠠᠴᠠ ᠭᠠᠳᠠᠨ᠎ᠠ᠂ ᠨᠢᠭᠤᠷᠲᠠᠨ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠴᠤ ᠦᠨᠦᠳᠦᠷ ᠡᠳᠦᠷ ᠡᠬᠢᠯᠡᠪᠡ᠃      ᠨᠢᠭᠤᠷᠲᠠᠨ ᠰᠢᠯᠭᠠᠯᠲᠠ ᠳᠤ ᠨᠡᠷ᠎ᠡ ᠮᠡᠳᠡᠭᠦᠯᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠵᠢᠭᠠᠵᠤ ᠭᠠᠷᠭᠠᠬᠤ ᠳᠠᠭᠠᠨ᠂ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠡᠷᠭᠢᠯᠡᠨ ᠶᠠᠪᠤᠬᠳᠠᠭᠤᠯᠬᠤ ᠪᠦᠭᠡᠳ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠎ ᠶᠢᠨ ᠨᠢᠭᠤᠷᠲᠠᠨ ᠰᠢᠯᠭᠠᠯᠲᠠ ᠳᠤ ᠨᠡᠷ᠎ᠡ ᠮᠡᠳᠡᠭᠦᠯᠬᠦ ᠠᠯᠪᠠᠨ ᠵᠠᠷ ᠢ ᠵᠠᠯᠭᠠᠭ᠎ᠠ ᠪᠠᠷ ᠰᠦᠯᠵᠢᠶᠡᠨ ᠳᠤ ᠭᠠᠷᠭᠠᠨ᠎ᠠ᠂ ᠰᠢᠯᠭᠠᠭᠤᠯᠤᠭᠴᠢ ᠡᠷᠬᠡᠪᠰᠢ ᠲᠣᠰ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠎ ᠶᠢᠨ ᠢᠶᠠᠨ ᠨᠡᠷ᠎ᠡ ᠮᠡᠳᠡᠭᠦᠯᠬᠦ ᠠᠯᠪᠠᠨ ᠵᠠᠷ ᠤᠨ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠬᠤᠭᠤᠴᠠᠭᠠᠨ ᠳᠣᠲᠣᠷ᠎ᠠ ᠰᠦᠯᠵᠢᠶᠡᠨ ᠳᠡᠭᠡᠷ᠎ᠡ ᠳᠠᠩᠰᠠᠯᠠᠭᠤᠯᠬᠤ᠂ ᠬᠤᠪᠢ ᠬᠥᠮᠦᠨ ᠤ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ᠂ ᠰᠢᠯᠭᠠᠯᠲᠠ ᠳᠤ ᠨᠡᠷ᠎ᠡ ᠮᠡᠳᠡᠭᠦᠯᠬᠦ ᠵᠡᠷᠭᠡ ᠤᠴᠢᠷ ᠶᠠᠪᠤᠳᠠᠯ ᠢ ᠳᠠᠭᠤᠰᠬᠠᠵᠤ᠂ ᠬᠢᠷᠢ ᠬᠡᠮ ᠤᠨ ᠬᠢᠨᠠᠨ ᠬᠠᠷᠭᠤᠭᠤᠯᠤᠯᠲᠠ ᠪᠠᠳᠤᠯᠠᠬᠲᠠᠬᠰᠠᠨ ᠤ ᠳᠠᠷᠠᠭ᠎ᠠ᠂ ᠲᠣᠭᠲᠠᠭᠰᠠᠨ ᠬᠤᠭᠤᠴᠠᠭᠠᠨ ᠳᠣᠲᠣᠷ᠎ᠠ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠬᠡᠷᠡᠭᠲᠡᠶ ᠭᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ