ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ︽ᠰᠢᠨ᠎ᠡ ᠴᠠᠭ ᠦᠶ᠎ᠡ ᠰᠢᠨ᠎ᠡ ᠠᠶᠠᠨ ᠰᠢᠨ᠎ᠡ ᠠᠭᠤᠤ ᠦᠢᠯᠡᠰ︾ ᠢ ᠪᠦᠬᠦ ᠲᠠᠯ᠎ᠠ ᠪᠠᠷ ᠠᠬᠢᠭᠤᠯᠬᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠦᠨᠳᠦᠰᠦᠨ ᠱᠠᠲᠤᠨ ᠳᠤ ᠪᠠᠭᠤᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/11/8
      11 ᠰᠠᠷ᠎ᠠ ᠶᠢᠨ 7 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ ᠵᠠᠭᠤᠴᠢᠯᠠᠭᠤᠷ ᠤᠨ ᠬᠠᠷᠢᠭᠤᠴᠠᠯᠭ᠎ᠠ ᠶᠢ ᠢᠯᠡᠷᠡᠭᠦᠯᠦᠨ᠎ᠡ ︱ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ︽ᠰᠢᠨ᠎ᠡ ᠴᠠᠭ ᠦᠶ᠎ᠡ ᠰᠢᠨ᠎ᠡ ᠠᠶᠠᠨ ᠰᠢᠨ᠎ᠡ ᠠᠭᠤᠤ ᠦᠢᠯᠡᠰ︾ ᠤᠨ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠦᠨᠳᠦᠰᠦᠨ ᠱᠠᠲᠤᠨ ᠳᠤ ᠪᠠᠭᠤᠬᠤ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ᠃ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳᠠᠯᠠᠶᠢᠪᠠᠲᠤ ᠠᠵᠢᠯᠯᠠᠭ᠎ᠠ ᠳᠤ ᠣᠷᠣᠯᠴᠠᠪᠠ᠃
11.8融媒体1.jpg
      ᠠᠵᠢᠯᠯᠠᠭ᠎ᠠ ᠳᠤ᠂ 2023 ᠣᠨ ᠤ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ︽ᠰᠢᠨ᠎ᠡ ᠴᠠᠭ ᠦᠶ᠎ᠡ ᠰᠢᠨ᠎ᠡ ᠠᠶᠠᠨ ᠰᠢᠨ᠎ᠡ ᠠᠭᠤᠤ ᠦᠢᠯᠡᠰ︾ ᠢ ᠪᠦᠬᠦ ᠲᠠᠯ᠎ᠠ ᠪᠠᠷ ᠠᠬᠢᠭᠤᠯᠬᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠦᠨᠳᠦᠰᠦᠨ ᠱᠠᠲᠤᠨ ᠳᠤ ᠪᠠᠭᠤᠬᠤ ᠠᠵᠢᠯᠯᠠᠭ᠎ᠠ ᠶᠢᠨ ᠲᠥᠰᠥᠯ ᠢ ᠤᠩᠰᠢᠨ ᠨᠡᠶᠢᠲᠡᠯᠡᠪᠡ᠃       ᠳᠠᠯᠠᠶᠢᠪᠠᠲᠤ ᠲᠤᠰ ᠤᠳᠠᠭᠠᠨ ᠤ ᠠᠵᠢᠯᠯᠠᠭ᠎ᠠ ᠳᠤ ᠲᠤᠭ ᠣᠯᠭᠤᠵᠤ᠂ ᠬᠠᠮ ᠵᠠᠭᠤᠴᠢᠯᠠᠭᠤᠷ ᠤᠨ ᠲᠥᠪ ᠤᠨ ᠪᠦᠬᠦ ᠠᠵᠢᠯᠲᠠᠨ ᠠᠵᠢᠯᠴᠢᠨ ᠦᠷᠭᠦᠯᠵᠢᠯᠡᠨ ᠴᠢᠷᠮᠠᠶᠢᠵᠤ᠂ ᠮᠠᠨ ᠤ ᠬᠤᠰᠢᠭᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ᠂ ᠦᠢᠯᠡᠳᠦᠯᠭᠡ ᠶᠢᠨ ᠦᠷ᠎ᠡ ᠪᠦᠲᠦᠭᠡᠯ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢᠨ ᠬᠢᠯᠠᠰ ᠴᠡᠭ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠵᠡᠷᠭᠡ ᠲᠠᠯ᠎ᠠ ᠶᠢᠨ ᠠᠮᠢᠳᠤᠯᠢᠭ ᠦᠢᠯᠡᠳᠦᠯᠭᠡ ᠶᠢ ᠭᠦᠨᠵᠡᠭᠡᠢ ᠠᠭᠤᠳᠠᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠨᠢᠨ ᠮᠡᠳᠡᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
11.8融媒体2.jpg
      ᠲᠤᠰ ᠤᠳᠠᠭ᠎ᠠ ᠶᠢᠨ ︽ᠰᠢᠨ᠎ᠡ ᠴᠠᠭ ᠦᠶ᠎ᠡ ᠰᠢᠨ᠎ᠡ ᠠᠶᠠᠨ ᠰᠢᠨ᠎ᠡ ᠠᠭᠤᠤ ᠦᠢᠯᠡᠰ︾ ᠢ ᠪᠦᠬᠦ ᠲᠠᠯ᠎ᠠ ᠪᠠᠷ ᠠᠬᠢᠭᠤᠯᠬᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠦᠨᠳᠦᠰᠦᠨ ᠱᠠᠲᠤᠨ ᠳᠤ ᠪᠠᠭᠤᠬᠤ ᠠᠵᠢᠯᠯᠠᠭ᠎ᠠ ᠪᠣᠯ ᠰᠣᠨᠢᠨ ᠮᠡᠳᠡᠭᠡᠨ ᠤ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠣᠯᠣᠨ᠎ᠠ᠂ ᠨᠡᠩ ᠴᠤ ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ ᠠᠵᠢᠯᠲᠠᠳ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠬᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠬᠦ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠣᠨ᠎ᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠢᠨ ᠦᠨᠳᠦᠰᠦᠨ ᠱᠠᠲᠤᠨ ᠤ ᠰᠣᠷᠪᠤᠯᠵᠢᠯᠠᠭ᠎ᠠ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠤᠭ ᠤᠨ ᠰᠢᠨ᠎ᠡ ᠰᠣᠷᠭᠤᠭ ᠦᠯᠢᠭᠡᠷ ᠢ ᠶᠠᠷᠢᠵᠤ᠂ ᠬᠠᠮᠤᠭ ᠤᠨ ᠦᠨᠡᠨ ᠪᠣᠳᠠᠲᠠᠢ ᠳᠠᠭᠤᠨ ᠢ ᠳᠠᠮᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠪᠢᠴᠢᠭᠯᠡᠬᠦ ᠪᠠᠷ ᠪᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ