ᠰᠢᠯᠢ ᠶᠢᠨ ᠭᠤᠣᠯ ᠠᠶᠢᠮᠠᠭ ᠤᠨ ᠬᠡᠰᠡᠭ ᠳᠤᠮᠳᠠᠳᠤ ᠪᠠᠭ᠎ᠠ ᠰᠤᠷᠭᠠᠭᠤᠯᠢ 376 ᠪᠠᠭᠰᠢ ᠡᠯᠰᠡᠨ᠎ᠡ︕ 11᠎ ᠤ ᠡᠳᠦᠷ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2023/11/9
      ᠪᠠᠭᠰᠢ ᠡᠯᠰᠡᠬᠦ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠡᠯᠰᠡᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠠ ᠠᠶᠢᠮᠠᠭ ᠤᠨ ᠨᠠᠮ ᠤᠨ ᠬᠤᠷᠢᠶ᠎ᠠ ᠶᠢᠨ ᠤᠷᠤᠨ ᠲᠤᠭ᠎ᠠ ᠨᠠᠶᠢᠷᠠᠭᠤᠯᠬᠤ ᠵᠥᠪᠯᠡᠯ ᠠᠴᠠ ᠪᠠᠭᠤᠯᠭᠠᠭᠰᠠᠨ 2024 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠡᠯᠰᠡᠬᠦ ᠣᠷᠣᠨ ᠲᠤᠭ᠎ᠠ ᠶᠢᠨ ᠲᠥᠯᠥᠪᠯᠡᠭᠡ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠬᠡᠰᠡᠭ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠣᠴᠢᠭᠤᠯᠤᠨ ᠪᠠᠭᠰᠢ ᠡᠯᠰᠡᠨ᠎ᠡ᠃      ᠲᠣᠰ ᠤᠳᠠᠭ᠎ᠠ ᠰᠢᠯᠢ ᠶᠢᠨ ᠭᠤᠣᠯ ᠠᠶᠢᠮᠠᠭ ᠤᠨ ᠬᠡᠰᠡᠭ ᠳᠤᠮᠳᠠᠳᠤ ᠪᠠᠭ᠎ᠠ ᠰᠤᠷᠭᠠᠭᠤᠯᠢ 376 ᠪᠠᠭᠰᠢ ︵ᠠᠵᠢᠯ ᠦᠢᠯᠡᠰ ᠤᠨ ᠣᠷᠣᠨ ᠲᠤᠭ᠎ᠠ︶ ᠡᠯᠰᠡᠨ᠎ᠡ ᠂ ᠡᠭᠦᠨ ᠳᠤ᠄ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠬᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ 296᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ 80 ᠪᠠᠭᠲᠠᠨ᠎ᠠ᠃      ᠨᠡᠷ᠎ᠡ ᠮᠡᠳᠡᠭᠦᠯᠬᠦ ᠵᠢᠴᠢ ᠬᠢᠷᠢ ᠬᠡᠮ ᠤᠨ ᠬᠢᠨᠠᠨ ᠪᠠᠶᠢᠴᠠᠭᠠᠯᠲᠠ᠄      1. ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠵᠡᠷᠭᠡ ᠳᠤᠨᠢ ᠶᠠᠪᠤᠭᠳᠠᠭᠤᠯᠤᠨ᠎ᠠ᠃      2. ᠨᠡᠷ᠎ᠡ ᠮᠡᠳᠡᠭᠦᠯᠬᠦ ᠴᠠᠭ᠄ 2023 ᠣᠨ ᠤ 11 ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨᠡᠬᠢ 9᠄ 00 ︱ 11᠄ 30       ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠠᠶᠢᠬᠠᠨ ᠰᠤᠷᠭᠠᠭᠤᠯᠢ ᠶᠢᠨ ᠲᠣᠭᠤᠷᠢᠭ ᠤᠨ ᠪᠦᠮᠪᠦᠭᠡ ᠶᠢᠨ ᠣᠷᠳᠣᠨ      3. ᠨᠡᠷ᠎ᠡ ᠮᠡᠳᠡᠭᠦᠯᠬᠦ ᠬᠦᠮᠦᠰ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ ᠬᠡᠷᠡᠭᠲᠡᠢ᠂ ᠬᠦᠮᠦᠨ ᠨᠢᠭᠡᠪᠦᠷᠢ ᠨᠢᠭᠡ ᠯᠡ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ ᠪᠣᠯᠣᠨ᠎ᠠ᠂ ᠬᠤᠶᠠᠷ ᠠᠴᠠ ᠳᠡᠭᠡᠭᠰᠢ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠰᠡᠳ ᠤᠨ ᠬᠢᠷᠢ ᠬᠡᠮ ᠢ ᠬᠠᠰᠤᠨ᠎ᠠ᠃      ᠯᠠᠪᠯᠠᠬᠤ ᠤᠲᠠᠰᠤ ᠪᠠ ᠬᠢᠨᠠᠯᠲᠠ ᠲᠠᠯᠪᠢᠬᠤ ᠤᠲᠠᠰᠤ᠄      ᠯᠠᠪᠯᠠᠬᠤ ᠤᠲᠠᠰᠤ᠄ 0479 ︱ 8268941 ︵ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠰᠠᠯᠠᠭ᠎ᠠ︶      ᠬᠢᠨᠠᠯᠲᠠ ᠲᠠᠯᠪᠢᠬᠤ ᠤᠲᠠᠰᠤ᠄      0479 ︱ 8221201 ︵ᠰᠢᠯᠢ ᠶᠢᠨ ᠭᠤᠣᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶      0479 ︱ 8278199 ︵ᠰᠢᠯᠢ ᠶᠢᠨ ᠭᠤᠣᠯ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶
ᠢᠷᠡᠯᠲᠡ᠄ ᠠᠷᠠᠳ ᠤᠨ ᠮᠣᠩᠭᠤᠯ ᠰᠦᠯᠵᠢᠶ᠎ᠡ