︽ᠲᠠᠨ ᠤ XX ᠬᠤᠷᠠᠮᠳᠤᠯ ᠬᠤᠪᠢ ᠪᠠᠨ ᠬᠡᠷᠡᠭᠯᠡᠭᠡ ᠥᠬᠡᠶ ᠪᠠᠶᠢᠬᠰᠠᠭᠠᠷ᠂ ᠬᠤᠭᠤᠴᠠᠭ᠎ᠠ ᠨᠢ ᠲᠤᠯᠪᠠᠯ ᠬᠦᠴᠦᠨ ᠥᠬᠡᠶ ᠪᠣᠯᠤᠨ᠎ᠠ ᠰᠢᠦ᠂ ᠬᠤᠷᠠᠮᠳᠤᠯ | ᠬᠤᠪᠢ ᠶᠢᠨ ᠬᠤᠳᠠᠯᠳᠤᠭᠠᠨ ᠤ ᠬᠤᠲᠠ ᠳᠤ ᠲᠦᠷᠭᠡᠨ ᠣᠷᠣᠵᠤ ᠲᠠᠸᠠᠷ ᠰᠣᠯᠢᠭᠠᠷᠠᠶ︾ ᠭᠡᠬᠦ ᠮᠡᠳᠦ ᠶᠢᠨ ᠤᠬᠤᠷ ᠮᠡᠳᠡᠭᠡ ᠶᠢ ᠣᠶᠢᠷ᠎ᠠ ᠳᠤ ᠮᠠᠰᠢ ᠣᠯᠠᠨ ᠬᠥᠮᠦᠨ | ᠣᠯᠵᠤ ᠠᠪᠴᠠᠢ᠃ | ᠡᠳᠡᠭᠡᠷ ᠢ ᠦᠵᠡᠬᠦ ᠳᠤ ᠨᠡᠯᠢᠶᠡᠳ ᠲᠠᠲᠠᠬᠤ ᠬᠦᠴᠦᠨ ᠪᠦᠬᠦᠢ ᠬᠠᠷᠠᠭᠠᠯᠵᠠᠯ ᠲᠠᠢ ᠪᠤᠯᠪᠠᠴᠤ ᠦᠨᠡᠨ ᠳᠡᠭᠡᠨ ᠬᠡᠷᠡᠭᠯᠡᠭᠡᠨ ᠤ ᠤᠨᠠᠭᠤᠯᠢ ᠪᠠᠶᠢᠵᠤ ᠮᠠᠭᠠᠳ ᠦᠭᠡᠢ᠃ | | ᠰᠤᠷᠪᠤᠯᠵᠢᠯᠠᠭᠴᠢ ᠶᠢᠨ ᠪᠠᠶᠢᠴᠠᠭᠠᠯᠲᠠ ᠬᠢᠭᠡᠳ ᠣᠯᠵᠤ ᠮᠡᠳᠡᠭᠰᠡᠨ ᠢᠶᠠᠷ᠂ ᠡᠶᠢᠮᠦᠷᠬᠦ ︽ᠬᠤᠷᠠᠮᠳᠤᠯ ᠬᠤᠪᠢ ᠪᠠᠷ ᠲᠠᠸᠠᠷ ᠰᠣᠯᠢᠬᠤ︾ ᠣᠬᠤᠷ ᠮᠡᠳᠡᠭᠡ ᠨᠢ | ᠶᠡᠷᠦ ᠳᠡᠭᠡᠨ ︽ᠰᠦᠯᠵᠢᠶ᠎ᠡ ᠳᠤ ᠥᠷᠭᠡᠨ ᠢᠶᠠᠷ ᠲᠠᠷᠬᠠᠭᠠᠬᠤ︾ ᠠᠷᠭ᠎ᠠ ᠪᠠᠰᠢᠷ ᠢ ᠭᠡᠷᠡᠭᠯᠡᠳᠡᠭ — ᠬᠤᠳᠠᠯᠳᠤᠭᠠᠴᠢᠳ ᠦᠯᠡᠮᠵᠢ ᠤᠯᠠᠨ ᠬᠥᠮᠦᠰ ᠲᠤ | ᠴᠥᠷᠬᠡᠯᠡᠭᠡ ᠲᠠᠢ ᠣᠬᠤᠷ ᠮᠡᠳᠡᠭᠡ ᠶᠠᠪᠤᠭᠤᠯᠵᠤ᠂ ᠬᠡᠷᠡᠭᠯᠡᠭᠴᠢᠳ ᠤᠨ ᠬᠤᠷᠠᠮᠳᠤᠯ ᠬᠤᠪᠢ ᠪᠠᠨ ᠬᠤᠭᠤᠴᠠᠭ᠎ᠠ ᠬᠡᠲᠦᠷᠡᠬᠦ ᠠᠴᠠ ᠠᠶᠤᠬᠤ ᠰᠡᠳᠬᠢᠴᠡ ᠶᠢ ᠠᠰᠢᠭᠯᠠᠨ᠂ | ᠲᠡᠭᠦᠨ ᠢ ᠥᠳᠥᠭᠡᠨ ᠴᠢᠨᠠᠷ ᠮᠠᠭᠤᠲᠠᠶ ᠪᠠᠷᠠᠭ᠎ᠠ ᠬᠤᠳᠠᠯᠳᠤᠨ ᠠᠪᠤᠭᠤᠯᠳᠠᠭ᠃ | ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠢᠨ 2023 ᠣᠨ ᠤ ᠰᠢᠨ᠎ᠡ ᠵᠢᠯ ᠤᠨ ᠤᠷᠢᠳ ᠬᠤᠵᠢᠳ ᠢᠶᠠᠷ ᠬᠤᠯᠪᠣᠭᠳᠠᠯ ᠪᠥᠬᠦᠶ | ᠡᠵᠡᠩᠨᠡᠭᠴᠢ ᠶᠢᠨ ᠬᠤᠷᠠᠮᠳᠤᠯ ᠬᠤᠪᠢ ᠶᠢᠨ ᠬᠤᠭᠤᠴᠠᠭ᠎ᠠ ᠲᠤᠯᠤᠭᠰᠠᠨ ᠢ ᠠᠰᠢᠭᠯᠠᠨ ᠵᠣᠬᠢᠴᠠᠩᠭᠤᠶ ᠲᠠᠸᠠᠷ ᠰᠤᠯᠢᠭᠤᠯᠬᠤ ᠪᠤᠶᠤ ᠪᠤᠷᠤᠭᠤ ᠪᠠᠷ ᠵᠢᠯᠤᠭᠤᠳᠴᠤ | ᠬᠡᠷᠡᠭᠯᠡᠭᠡ ᠬᠢᠯᠭᠡᠵᠦ ᠪᠠᠶᠢᠭ᠎ᠠ ᠦᠢᠯᠡ ᠠᠵᠢᠯᠯᠠᠭ᠎ᠠ ᠶᠢ ᠵᠠᠯᠭᠠᠭ᠎ᠠ ᠪᠠᠷ ᠲᠤᠰᠬᠠᠭᠰᠠᠨ ᠬᠡᠷᠡᠭᠯᠡᠭᠴᠢᠳ ᠤᠨ ᠬᠠᠷᠢᠭᠤ ᠲᠤᠰᠬᠠᠯ ᠢ ᠣᠯᠤᠭᠰᠠᠨ ᠪᠥᠭᠡᠳ ᠰᠡᠷᠡᠮᠵᠢᠯᠡᠭᠦᠯᠤᠯ | ᠨᠡᠶᠢᠳᠡᠯᠡᠵᠦ ᠲᠡᠳᠡᠨ ᠳᠤ ᠰᠠᠨᠠᠭᠤᠯᠤᠮᠵᠢ ᠦᠭᠭᠦᠭᠰᠡᠨ ᠪᠠᠶᠢᠨ᠎ᠠ᠃ | ︽ᠬᠡᠰᠡᠭ ᠲᠠᠸᠠᠷ ᠨᠢ ᠬᠤᠳᠠᠯ ᠬᠠᠭᠤᠷᠮᠠᠭ ᠦᠢᠯᠡᠳᠬᠦᠨ ᠪᠤᠯᠬᠤ ᠶᠢ ᠨᠢᠭᠡᠨᠳᠡ ᠨᠤᠳᠠᠯᠠᠪᠠ᠂ ᠪᠠᠰᠠ ᠨᠢᠭᠡ ᠪᠦᠯᠦᠭ ᠨᠠᠷᠠᠲᠤ ᠲᠡᠮᠳᠡᠭᠲᠦ ᠦᠢᠯᠡᠳᠬᠦᠨ ᠨᠢ | ᠬᠥᠮᠥᠷᠭᠡ ᠳᠤ ᠤᠳᠠᠭᠠᠨ ᠵᠢᠯ ᠳᠠᠷᠤᠭᠳᠠᠭᠰᠠᠨ ᠦᠢᠯᠡᠳᠬᠦᠨ ᠪᠣᠯᠤᠨ᠎ᠠ︾ ᠭᠡᠵᠦ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡ ᠳᠤ ᠬᠢᠨᠠᠯᠲᠠ | ᠲᠠᠯᠪᠢᠬᠤ ᠬᠡᠯᠲᠡᠰ ᠤᠨ ᠡᠷᠬᠢᠯᠡᠭᠴᠢ ᠵᠠᠩ ᠳ᠋ᠧ ᡁᠢ ᠬᠡᠯᠡᠭᠰᠡᠨ ᠢᠶᠠᠨ ᠵᠠᠯᠭᠠᠭᠠᠳ᠂ ᠡᠨᠡ ᠪᠣᠯ ᠮᠡᠬᠡᠯᠡᠯ ᠤᠨ ᠰᠢᠨᠵᠢ ᠴᠢᠨᠠᠷ ᠲᠠᠢ᠂ ᠬᠡᠷᠡᠭᠯᠡᠭᠴᠢᠳ ᠢ ᠪᠤᠷᠤᠭᠤ ᠪᠠᠷ | ᠵᠢᠯᠤᠭᠤᠳᠴᠤ ᠪᠠᠶᠢᠭ᠎ᠠ ᠠᠵᠢᠯᠯᠠᠭ᠎ᠠ ᠮᠥᠨ ᠭᠡᠵᠦ ᠬᠡᠯᠡᠪᠡ᠃ | ︽ᠬᠤᠷᠠᠮᠳᠤᠯ ᠬᠤᠪᠢ ᠪᠠᠷ ᠲᠠᠸᠠᠷ ᠰᠣᠯᠢᠬᠤ ᠬᠡᠯᠪᠡᠷᠢ ᠪᠠᠷ ᠬᠡᠷᠡᠭᠯᠡᠭᠴᠢᠳ ᠢ ᠭᠡᠨᠡᠳᠡᠭᠦᠯᠵᠦ ᠪᠠᠶᠢᠨ᠎ᠠ︾᠂ | ︽ᠢᠷᠡᠭᠦᠯᠦᠭᠰᠡᠨ ᠶᠠᠭᠤᠮ᠎ᠠ ᠨᠢ ᠴᠢᠨᠠᠷ ᠮᠠᠭᠤᠳᠠᠢ ᠡᠳ᠋᠂ ᠬᠡᠷᠡᠭᠯᠡᠬᠦ ᠶᠢᠨ ᠠᠷᠭ᠎ᠠ ᠥᠬᠡᠶ︾᠂ ︽ᠡᠵᠡᠩᠨᠡᠭᠴᠢ ᠶᠢ ᠡᠷᠢᠬᠦ ᠳᠤ ᠬᠠᠮᠢᠶᠠᠷᠬᠤ ᠬᠥᠮᠦᠨ ᠥᠬᠡᠶ᠂ | ᠶᠠᠭᠤᠮ᠎ᠠ ᠶᠢ ᠠᠪᠬᠤ ᠦᠭᠡᠢ ᠪᠤᠯ ᠵᠣᠭᠤᠰ ᠢ ᠪᠤᠴᠠᠭᠠᠬᠤ ᠥᠬᠡᠶ︾ ᠪᠠᠶᠢᠳᠠᠭ ᠁ | | |