ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠡᠭᠦᠷ ᠤᠨ ᠱᠦᠵᠢ ᠲᠤᠰᠬᠠᠢ ᠰᠡᠳᠦᠪᠲᠦ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2023/11/9
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨᠬᠦ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 8 ᠤ ᠡᠳᠦᠷ᠂ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠡᠷᠳᠡᠨᠢᠪᠤᠯᠠᠭ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠠᠭᠤᠯᠭ᠎ᠠ︾ ᠪᠠᠷ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃       ᠨᠠᠮ ᠤᠨ ᠬᠢᠴᠢᠶᠡᠯ ᠨᠢ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠠᠷᠪᠠ ᠶᠢ ᠲᠣᠳᠣᠷᠬᠠᠶᠢᠯᠠᠬᠤ︾ ︽ᠠᠷᠪᠠᠨ ᠳᠥᠷᠪᠡ ᠶᠢ ᠪᠠᠷᠢᠮᠲᠠᠯᠠᠬᠤ︾ ︽ᠠᠷᠪᠠᠨ ᠭᠤᠷᠪᠠᠨ ᠲᠠᠯ᠎ᠠ ᠶᠢᠨ ᠠᠮᠵᠢᠯᠲᠠ ᠪᠦᠲᠦᠮᠵᠢ︾ ᠵᠡᠷᠭᠡ ᠭᠤᠷᠪᠠᠨ ᠲᠠᠯ᠎ᠠ ᠪᠠᠷ ᠭᠤᠣᠯ ᠠᠭᠤᠯᠭ᠎ᠠ ᠪᠣᠯᠭᠠᠨ ᠭᠤᠣᠯᠳᠠᠯᠭ᠎ᠠ ᠲᠠᠢ ᠪᠠᠷ ᠬᠢᠴᠢᠶᠡᠯ ᠣᠷᠣᠪᠠ᠃       ᠬᠢᠴᠢᠶᠡᠯ ᠳᠡᠭᠡᠷ᠎ᠡ᠂ ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠤᠯᠤᠰ ᠲᠦᠷᠦ ᠶᠢᠨ ᠦᠨᠡᠨᠴᠢ ᠰᠢᠳᠤᠷᠭᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠬᠥᠭᠵᠢᠭᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠡᠷᠡᠮᠡᠬᠡᠶᠢᠯᠡᠨ ᠤᠷᠤᠭᠰᠢᠯᠠᠬᠤ ᠢᠳᠡᠪᠬᠢ ᠬᠦᠴᠦᠨ ᠢ ᠨᠢᠭᠲᠠᠷᠠᠭᠤᠯᠬᠤ ᠬᠡᠷᠡᠭᠲᠡᠢ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠲᠠᠯ᠎ᠠ ᠪᠠᠷ ᠬᠦᠴᠦᠯᠡᠵᠦ᠂ ᠪᠠᠲᠤ ᠴᠢᠩᠭ᠎ᠠ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠵᠤ᠂ ︽ᠤᠯᠤᠰ ᠤᠨ ᠲᠣᠮᠣ ᠶᠠᠪᠤᠳᠠᠯ︾ ᠢ ᠪᠠᠲᠤ ᠴᠡᠭᠡᠵᠢᠯᠡᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠳᠤ ᠲᠦᠰᠢᠭᠯᠡᠵᠦ᠂ ᠭᠤᠣᠯ ᠰᠡᠳᠦᠪᠲᠦ ᠬᠥᠮᠦᠵᠢᠯ ᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠲᠤᠰ ᠨᠢᠭᠡᠴᠡ ᠶᠢᠨ ᠭᠤᠣᠯ ᠠᠵᠢᠯ ᠢ ᠠᠬᠢᠭᠤᠯᠬᠤ ᠲᠠᠢ ᠤᠶᠠᠯᠳᠤᠭᠤᠯᠬᠤ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ ᠲᠠᠯ᠎ᠠ ᠪᠠᠷ ᠬᠦᠴᠦᠯᠡᠵᠦ᠂ ᠤᠭ ᠵᠣᠬᠢᠶᠠᠯ ᠢ ᠤᠩᠰᠢᠵᠤ ᠤᠭ ᠵᠣᠬᠢᠶᠠᠯ ᠢ ᠰᠤᠷᠤᠯᠴᠠᠵᠤ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠪᠠ ᠨᠠᠮᠴᠢ ᠴᠢᠨᠠᠷ ᠤᠨ ᠣᠶᠢᠯᠠᠭᠠᠭᠳᠠᠬᠤᠨ ᠤ ᠬᠥᠮᠦᠵᠢᠯ ᠢ ᠦᠨᠡᠨᠬᠦ ᠴᠢᠩᠭᠠᠳᠬᠠᠵᠤ᠂ ᠰᠤᠷᠤᠯᠴᠠᠬᠤ ᠪᠠ ᠦᠢᠯᠡᠳᠦᠯᠭᠡᠵᠢᠭᠦᠯᠬᠦ ᠶᠢᠨ ᠬᠤᠶᠠᠷ ᠲᠠᠯ᠎ᠠ ᠶᠢ ᠠᠳᠬᠤᠵᠤ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠠᠵᠢᠯ ᠤᠨ ᠬᠠᠯᠠᠭᠤᠨ ᠰᠡᠳᠬᠢᠯᠭᠡ ᠶᠢ ᠬᠦᠴᠢᠷ ᠪᠡᠷᠬᠡ ᠶᠢ ᠲᠤᠭᠤᠯᠤᠨ ᠳᠠᠪᠠᠵᠤ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠬᠤᠶᠠᠷ ᠲᠤ᠂ ᠰᠤᠷᠤᠯᠴᠠᠬᠤ ᠬᠡᠷᠡᠭᠯᠡᠬᠦ ᠶᠢ ᠤᠶᠠᠯᠳᠤᠭᠤᠯᠬᠤ ᠠᠵᠢᠯ ᠢ ᠰᠠᠶᠢᠲᠤᠷ ᠬᠢᠵᠦ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠬᠡᠷᠡᠭᠲᠡᠢ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠳᠡᠬᠦᠢ ᠬᠢᠬᠦᠢ ᠶᠢ ᠨᠢᠭᠡᠳᠬᠡᠵᠦ᠂ ᠦᠨᠡᠨᠬᠦ ᠠᠳᠬᠤᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠠᠮᠠᠭᠠᠯᠠᠬᠤ᠂ ᠰᠢᠯᠭᠠᠷᠠᠭᠰᠠᠨ ᠣᠶ ᠰᠢᠭᠤᠢ ᠨᠤᠲᠤᠭ ᠪᠡᠯᠴᠢᠭᠡᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠤ ᠵᠢᠱᠢᠶᠡᠴᠢ ᠪᠠᠷ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠠᠵᠢᠯ ᠤᠨ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠮᠠᠨ ᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠥᠷᠢᠰᠦᠯᠳᠦᠭᠡᠨ ᠢ ᠭᠦᠨᠵᠡᠭᠡᠢ ᠵᠠᠳᠠᠯᠤᠨ ᠰᠢᠨᠵᠢᠯᠡᠵᠦ᠂ ᠳᠠᠯᠳᠠ ᠬᠦᠴᠦᠨ ᠢ ᠠᠭᠤᠳᠠᠯᠤᠨ᠂ ᠰᠠᠶᠢᠨᠲᠠᠢ ᠲᠠᠯ᠎ᠠ ᠪᠠᠨ ᠪᠠᠳᠠᠷᠠᠭᠤᠯᠤᠨ ᠳᠤᠲᠠᠭᠳᠠᠯ ᠲᠠᠢ ᠲᠠᠯ᠎ᠠ ᠪᠠᠨ ᠲᠡᠪᠴᠢᠵᠦ᠂ ᠭᠤᠣᠯᠳᠠᠯᠭ᠎ᠠ ᠶᠢ ᠠᠳᠬᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠠᠭᠠᠳ ᠲᠣᠳᠬᠠᠷ ᠢ ᠨᠠᠪᠲᠠᠷᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠂ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢᠶᠠᠨ ᠦᠨᠡᠨᠬᠦ ᠠᠳᠬᠤᠵᠤ ᠪᠣᠳᠠᠲᠠᠢ ᠦᠷᠨᠢᠭᠦᠯᠬᠦ ᠬᠡᠷᠡᠭᠲᠡᠢ᠃ ᠭᠤᠷᠪᠠ ᠳᠤ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠶᠢ ᠰᠠᠶᠢᠲᠤᠷ ᠠᠳᠬᠤᠵᠤ᠂ ᠠᠷᠠᠳ ᠤᠨ ᠲᠥᠯᠥᠭᠡ ᠬᠢᠬᠦ ᠵᠣᠷᠢᠯᠲᠠ ᠶᠢ ᠦᠢᠯᠡᠳᠦᠯᠭᠡᠵᠢᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠴᠢᠩᠭ᠎ᠠ ᠠᠳᠬᠤᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠦᠵᠡᠯ ᠰᠠᠨᠠᠭ᠎ᠠ ᠶᠢ ᠪᠠᠲᠤ ᠡᠵᠡᠮᠳᠡᠵᠦ᠂ ᠠᠷᠠᠳ ᠤᠯᠠᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠪᠠᠶᠢᠭ᠎ᠠ ᠪᠣᠳᠠᠲᠠᠢ ᠠᠰᠠᠭᠤᠳᠠᠯ ᠢ ᠴᠢᠩᠭ᠎ᠠ ᠠᠩᠬᠠᠷᠴᠤ᠂ ︽ᠰᠠᠨᠠᠭ᠎ᠠ ᠠᠯᠭᠠᠰᠠᠬᠤ︾ ᠠᠴᠠ ᠪᠢᠰᠢ ︽ᠬᠡᠯᠪᠡᠷᠢ ᠠᠯᠭᠠᠰᠠᠬᠤ︾ ᠪᠢᠰᠢ ᠪᠠᠶᠢᠬᠤ ᠳᠤ ᠦᠨᠡᠨᠬᠦ ᠬᠦᠷᠴᠦ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠪᠥᠭᠡᠳ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠲᠤᠰ ᠤᠳᠠᠭᠠᠨ ᠤ ᠲᠤᠰᠬᠠᠢ ᠰᠡᠳᠦᠪᠲᠦ ᠨᠠᠮ ᠤᠨ ᠬᠢᠴᠢᠶᠡᠯ ᠢ ᠪᠠᠲᠤᠯᠠᠵᠤ᠂ ᠪᠦᠬᠦ ᠺᠠᠳ᠋ᠷ ᠠᠵᠢᠯᠲᠠᠨ ᠠᠵᠢᠯᠴᠢᠨ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠡᠩ ᠭᠦᠨᠵᠡᠭᠡᠢ ᠣᠶᠢᠯᠠᠭᠠᠵᠤ᠂ ᠡᠨᠡᠬᠦ ᠦᠵᠡᠯ ᠰᠠᠨᠠᠭᠠᠨ ᠤ ᠦᠨᠳᠦᠰᠦᠨ ᠦᠵᠡᠯᠲᠡ᠂ ᠰᠢᠨᠵᠢᠯᠡᠬᠦ ᠤᠬᠠᠭᠠᠨᠴᠢ ᠰᠢᠰᠲ᠋ᠧᠮ ᠢ ᠰᠢᠰᠲ᠋ᠧᠮ ᠲᠠᠢ ᠡᠵᠡᠮᠰᠢᠵᠦ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠤᠯᠤᠰ ᠲᠦᠷᠦ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠤᠨᠤᠯ ᠤᠨ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠮᠠᠷᠺᠰ ᠤᠨ ᠦᠵᠡᠯ ᠤᠨ ᠡᠷᠳᠡᠮ ᠴᠢᠳᠠᠪᠤᠷᠢ ᠶᠢ ᠦᠨᠡᠨᠬᠦ ᠡᠵᠡᠮᠰᠢᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠢ ᠰᠢᠭᠤᠢ ᠨᠤᠲᠤᠭ ᠪᠡᠯᠴᠢᠭᠡᠷ ᠤᠨ ᠡᠯ᠎ᠡ ᠵᠦᠢᠯ ᠤᠨ ᠠᠵᠢᠯ ᠢ ᠵᠢᠯᠣᠭᠤᠳᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ