ᠵᠠᠷᠢᠮ ᠬᠡᠲᠦ ᠳᠡᠯᠭᠡᠭᠦᠷ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠬᠤᠳᠠᠯᠳᠤᠭᠠᠴᠢᠳ ᠮᠢᠬᠠᠨ ᠤ ᠲᠥᠷᠥᠯ᠂ ᠵᠢᠮᠢᠰ ᠨᠣᠭᠤᠭ᠎ᠠ ᠵᠡᠷᠭᠡ | ᠲᠠᠷᠢᠶᠠᠯᠠᠩ ᠤᠨ ᠪᠦᠲᠦᠭᠡᠭᠳᠡᠬᠦᠨ ᠳᠤ ︽ᠲᠦᠭᠦᠭᠡᠢ ᠢᠳᠡᠭᠡᠨ ᠤ ᠰᠢᠨ᠎ᠡ ᠰᠣᠷᠭᠤᠭ ᠢ ᠪᠠᠳᠤᠯᠠᠬᠤ ᠳ᠋ᠧᠩ︾ ᠢ ᠬᠡᠷᠡᠭᠯᠡᠵᠦ ᠪᠠᠶᠢᠨ᠎ᠠ᠃ ︽ᠲᠦᠭᠦᠭᠡᠢ ᠢᠳᠡᠭᠡᠨ ᠤ ᠰᠢᠨ᠎ᠡ | ᠰᠣᠷᠭᠤᠭ ᠢ ᠪᠠᠳᠤᠯᠠᠬᠤ ᠳ᠋ᠧᠩ︾ ᠭᠡᠳᠡᠭ ᠨᠢ ᠨᠢᠭᠡ ᠵᠦᠢᠯ ᠤᠨ ᠬᠦᠢᠲᠡᠨ ᠭᠡᠷᠡᠯ ᠡᠭᠦᠰᠭᠡᠭᠴᠢ ᠭᠡᠷᠡᠯᠲᠦᠭᠦᠯᠭᠡ ᠶᠢᠨ ᠳ᠋ᠧᠩ ᠪᠣᠯᠤᠨ᠎ᠠ᠂ ᠣᠨᠴᠠᠭᠠᠶ ᠥᠩᠭᠡ ᠶᠢᠨ ᠭᠡᠷᠡᠯ | ᠰᠠᠴᠤᠷᠠᠭᠤᠯᠬᠤ ︽ᠲᠦᠭᠦᠭᠡᠢ ᠢᠳᠡᠭᠡᠨ ᠤ ᠰᠢᠨ᠎ᠡ ᠰᠣᠷᠭᠤᠭ ᠢ ᠪᠠᠳᠤᠯᠠᠬᠤ ᠳ᠋ᠧᠩ︾ ᠤᠨ ᠭᠡᠷᠡᠯᠲᠦᠭᠦᠯᠭᠡ ᠳᠣᠣᠷ᠎ᠠ᠂ ᠬᠥᠮᠦᠨ ᠤ ᠨᠢᠳᠦᠨ ᠳᠤ ᠦᠵᠡᠭᠳᠡᠬᠦ ᠪᠣᠳᠠᠰ ᠤᠨ | ᠥᠩᠭᠡ ᠨᠢ ᠪᠠᠶᠢᠭᠠᠯᠢ ᠶᠢᠨ ᠭᠡᠷᠡᠯ ᠳᠣᠣᠷᠠᠬᠢ ᠥᠩᠭᠡ ᠠᠴᠠ ᠨᠡᠩ ᠰᠣᠷᠭᠤᠭ ᠪᠤᠯᠭᠠᠵᠤ᠂ ᠬᠡᠷᠡᠭᠯᠡᠭᠴᠢᠳ ᠤᠨ ᠬᠤᠳᠠᠯᠳᠤᠨ ᠠᠪᠬᠤ ᠬᠦᠰᠡᠯ ᠳᠤ ᠵᠤᠬᠢᠬᠤ ᠬᠡᠮᠵᠢᠶ᠎ᠡ ᠪᠠᠷ | ᠰᠡᠳᠡᠯᠲᠡ ᠥᠭᠲᠡᠭ᠃ | ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ ︽ᠢᠳᠡᠰᠢᠨ ᠤ ᠲᠠᠷᠢᠶᠠᠯᠠᠩ ᠤᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠶᠠᠰᠤ ᠴᠢᠨᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ 12 | ᠰᠠᠷ᠎ᠠ ᠶᠢᠨ 1 ᠤ ᠡᠳᠦᠷ ᠠᠴᠠ ᠡᠬᠢᠯᠡᠨ ᠲᠦᠭᠦᠬᠡᠶ ᠰᠢᠨ᠎ᠡ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠠᠭᠠᠨ ᠢᠳᠡᠰᠢᠨ ᠤ ᠲᠠᠷᠢᠶᠠᠯᠠᠩ ᠤᠨ | ᠪᠦᠲᠦᠭᠡᠭᠳᠡᠬᠦᠨ ᠤ ᠦᠨᠡᠨ ᠪᠣᠳᠠᠲᠠᠶ ᠥᠩᠭᠡ ᠪᠤᠳᠤᠭ ᠤᠨ ᠲᠤᠬᠠᠢ ᠰᠡᠷᠡᠯ ᠤᠨ ᠡᠷᠬᠡᠲᠡᠨ ᠢ ᠢᠯᠡᠳᠲᠡ ᠨᠦᠯᠦᠭᠡᠯᠡᠬᠦ ᠭᠡᠷᠡᠯᠲᠦᠭᠦᠯᠭᠡ ᠶᠢᠨ ᠲᠥᠬᠦᠭᠡᠷᠦᠮᠵᠢ ᠶᠢ | ᠬᠡᠷᠡᠭᠯᠡᠵᠦ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠵᠠᠶ᠃ ᠰᠢᠨ᠎ᠡ ᠲᠣᠭᠲᠠᠭᠠᠯ ᠢ ᠤᠳᠠᠯ ᠦᠭᠡᠶ ᠬᠡᠷᠡᠭᠵᠢᠭᠦᠯᠬᠦ ᠭᠡᠵᠦ ᠪᠠᠶᠢᠭ᠎ᠠ ᠦᠶ᠎ᠡ ᠳᠤ᠂ ᠵᠢᠶᠠᠩᠰᠦ᠂ | ᠵᠧᠵᠢᠶᠠᠩ᠂ ᠱᠠᠩᠬᠠᠶ ᠵᠡᠷᠭᠡ ᠭᠠᠵᠠᠷ ᠤᠨ ᠬᠢᠨ ᠳ᠋ᠧᠩ ᠢ ᠭᠡᠷᠡᠭᠯᠡᠬᠦ ᠪᠠᠨ ᠪᠤᠯᠢᠬᠰᠠᠨ ᠤ ᠬᠠᠮᠲᠤ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠰᠢᠨ᠎ᠡ | ᠰᠣᠷᠭᠤᠭ ︽ᠦᠡᠭᠭᠡ ᠪᠠᠷ ᠨᠢ︾ ᠵᠠᠬ᠎ᠠ ᠳᠡᠯᠭᠡᠭᠦᠷ ᠲᠤ ᠭᠠᠷᠭᠠᠬᠤ ᠶᠢ ᠦᠨᠡᠨ ᠬᠦ ᠪᠠᠲᠤᠯᠠᠵᠤ ᠪᠠᠶᠢᠨ᠎ᠠ᠃ | ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠢᠳᠡᠰᠢᠨ ᠤ | ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ | ᠲᠣᠭᠲᠠᠭᠠᠯ ᠢ ᠦᠨᠳᠦᠰᠦᠯᠡᠪᠡᠯ᠂ 12 ᠰᠠᠷ᠎ᠠ ᠶᠢᠨ 1 ᠤ ᠡᠳᠦᠷ ᠠᠴᠠ ᠡᠬᠢᠯᠡᠨ ᠬᠤᠳᠠᠯᠳᠤᠭᠠᠴᠢᠳ ᠲᠣᠭᠲᠠᠭᠠᠯ ᠠᠴᠠ ᠵᠥᠷᠢᠴᠡᠨ ︽ᠲᠦᠭᠦᠭᠡᠢ ᠢᠳᠡᠭᠡᠨ ᠤ ᠰᠢᠨ᠎ᠡ | ᠰᠣᠷᠭᠤᠭ ᠢ ᠪᠠᠳᠤᠯᠠᠬᠤ ᠳ᠋ᠧᠩ︾ ᠬᠡᠷᠡᠭᠯᠡᠬᠦ ᠮᠥᠷᠲᠡᠭᠡᠨ ᠵᠠᠯᠠᠷᠠᠭᠤᠯᠬᠤ ᠥᠬᠡᠶ ᠳᠤ ᠬᠦᠷᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 5000 ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠣᠯᠤᠨ᠎ᠠ᠃ | | |