11 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ | ᠨᠠᠮ ᠤᠨ ᠬᠤᠷᠢᠶᠠᠨ ᠤ 69 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠴᠠᠩ ᠴᠢᠩ᠂ ᠲᠢᠶᠠᠨ ᠹᠧᠩ ᠯᠢᠨ ᠵᠡᠷᠭᠡ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠴᠧᠨ ᠯᠦᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠳᠠᠰᠢᠵᠠᠮᠰᠤ ᠬᠤᠷᠠᠯ ᠳᠤ ᠰᠤᠯᠠ | ᠣᠷᠣᠯᠴᠠᠪᠠ᠃ | | | | ᠬᠤᠷᠠᠯ ᠠᠴᠠ ᠳᠡᠭᠡᠳᠦ ᠱᠠᠲᠤᠨ ᠤ ᠶᠠᠷᠢᠶ᠎ᠠ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠬᠦ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠠ ᠬᠥᠮᠥᠨ | ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠤᠨ ᠠᠶᠤᠯ ᠲᠦᠭᠰᠢᠭᠦᠷᠢ ᠶᠢᠨ ᠭᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ︔ ᠨᠢᠭᠡ ᠪᠦᠯᠦᠭ ᠰᠠᠶᠢᠨ | ᠲᠦᠷᠦᠯ ᠵᠦᠢᠯ ᠢ ᠱᠠᠯᠠᠪᠳᠠᠨ ᠪᠦᠷᠢᠯᠳᠦᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠤᠶᠠᠨ | ᠬᠡᠰᠢᠭ ᠢ ᠨᠡᠮᠡᠭᠳᠡᠭᠦᠯᠬᠦ ᠬᠡᠷᠡᠭᠲᠡᠢ᠃ ︽ᠲᠠᠪᠤᠨ ᠴᠢᠬᠤᠯᠠ ᠶᠡᠭᠡ ᠬᠠᠷᠢᠴᠠᠭ᠎ᠠ︾ ᠶᠢᠨ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠬᠤᠷᠢᠭ᠎ᠠ ᠱᠤᠭᠤᠮ ᠤᠨ | ᠰᠡᠳᠬᠢᠬᠦᠢ ᠶᠢ ᠪᠣᠶ ᠪᠣᠯᠭᠠᠨ᠂ ᠳᠣᠲᠣᠭᠠᠳᠤ ᠭᠠᠳᠠᠭᠠᠳᠤ ᠶᠢᠨ ᠬᠠᠷᠢᠴᠠᠭ᠎ᠠ ᠶᠢ ᠡᠵᠡᠮᠳᠡᠵᠦ᠂ ᠮᠠᠨ ᠤ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ | ᠪᠣᠳᠠᠲᠤ ᠬᠡᠷᠡᠭᠴᠡᠭᠡ ᠶᠢ ᠵᠥᠪ ᠢᠶᠠᠷ ᠲᠠᠨᠢᠵᠤ᠂ ᠬᠥᠭᠵᠢᠯᠲᠡ ᠪᠠ ᠠᠮᠤᠷ ᠲᠦᠪᠰᠢᠨ ᠤ ᠴᠠᠭ ᠦᠶ᠎ᠡ ᠶᠢᠨ ᠰᠡᠳᠦᠪ ᠢ ᠰᠠᠶᠢᠲᠤᠷ ᠬᠠᠷᠢᠭᠤᠯᠬᠤ ᠬᠡᠷᠡᠭᠲᠡᠢ︔ ᠨᠠᠮ ᠤᠨ | ᠭᠡᠰᠢᠭᠦᠨ ᠤᠳᠤᠷᠢᠳᠬᠤ ᠺᠠᠳ᠋ᠷᠴᠤᠳ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠲᠠᠯ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠰᠢᠭᠤᠨ ᠤ ᠣᠯᠠᠨ ᠲᠦᠮᠡᠨᠴᠢ ᠪᠦᠯᠬᠦᠮ᠂ ᠦᠵᠡᠯ ᠰᠠᠨᠠᠭ᠎ᠠ ᠤᠯᠤᠰ ᠲᠥᠷᠥ᠂ ᠬᠤᠰᠢᠭᠤᠨ ᠤ ᠨᠠᠮ ᠤᠨ ᠬᠤᠷᠢᠶᠠᠨ ᠤ ᠰᠢᠭᠤᠳ | ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠡᠯ᠎ᠡ ᠣᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠵᠤ᠂ ᠬᠥᠭᠵᠢᠯᠲᠡ ᠶᠢᠨ ᠶᠡᠭᠡ | ᠲᠠᠯ᠎ᠠ ᠳᠤ ᠦᠢᠯᠡᠴᠢᠯᠡᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠡᠶ᠎ᠡ ᠵᠣᠬᠢᠴᠠᠯ ᠢ ᠠᠬᠢᠭᠤᠯᠬᠤ ᠬᠡᠷᠡᠭᠲᠡᠢ︔ ᠭᠤᠣᠯ ᠰᠡᠳᠦᠪᠲᠦ ᠬᠥᠮᠦᠵᠢᠯ ᠤᠨ ᠠᠰᠢᠭᠲᠠᠢ ᠠᠵᠠ | ᠲᠣᠬᠢᠶᠠᠯ ᠢ ᠠᠰᠢᠭᠯᠠᠨ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠤᠬᠠᠭᠤᠯᠭ᠎ᠠ ᠲᠠᠶᠢᠯᠪᠤᠷᠢᠯᠠᠯᠲᠠ ᠶᠢᠨ ᠠᠵᠢᠯ ᠢ ᠥᠷᠨᠢᠭᠦᠯᠵᠦ᠂ ᠦᠵᠡᠯ ᠤᠬᠠᠮᠰᠠᠷ ᠤᠨ | ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠤᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ | ᠠᠵᠢᠯ ᠤᠨ ᠵᠥᠪᠯᠡᠯ ᠤᠯᠤᠰ ᠲᠥᠷᠥ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠳᠦᠷᠢᠮ ᠤᠨ | ᠬᠡᠷᠡᠭᠵᠢᠭᠦᠯᠦᠯᠲᠡ ᠶᠢᠨ ᠬᠦᠴᠦᠨ ᠢᠶᠠᠨ ᠳᠡᠭᠡᠭᠰᠢᠯᠡᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ | ᠳᠠᠭᠠᠭᠤᠯᠬᠤ ᠬᠡᠷᠡᠭᠲᠡᠢ︔ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠪᠠᠲᠤᠯᠠᠭ᠎ᠠ ᠶᠢ ᠪᠥᠬᠦ | ᠶᠠᠪᠤᠴᠠ ᠪᠠᠷ ᠰᠠᠶᠢᠲᠤᠷ ᠬᠢᠵᠦ᠂ ᠮᠠᠨ ᠤ ᠬᠤᠰᠢᠭᠤᠨ ᠤ ᠵᠠᠯᠠᠭᠤᠴᠤᠳ ᠪᠠᠭᠠᠴᠤᠳ ᠢ ᠨᠡᠶᠢᠭᠡᠮ ᠵᠢᠷᠤᠮ ᠤᠨ ᠦᠢᠯᠡᠰ ᠤᠨ ᠪᠦᠲᠦᠭᠡᠨ ᠪᠠᠶᠢᠭᠤᠯᠤᠭᠴᠢ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠤᠭᠴᠢ ᠪᠠ ᠡᠬᠡ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠦᠢᠯᠡᠰ ᠤᠨ | ᠦᠢᠯᠡᠳᠦᠯᠭᠡᠵᠢᠭᠦᠯᠦᠭᠴᠢ ᠪᠣᠯᠭᠠᠨ ᠬᠦᠮᠦᠵᠢᠭᠦᠯᠬᠦ ᠬᠡᠷᠡᠭᠲᠡᠢ︔ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ | ᠬᠢᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠵᠦ᠂ ᠬᠢᠲᠠᠳ ︵ᠮᠣᠩᠭᠤᠯ︶ ᠡᠮ ᠡᠮᠨᠡᠯᠭᠡ ᠶᠢᠨ ᠬᠥᠭᠵᠢᠯᠲᠡ ᠶᠢ | ᠳᠡᠮᠵᠢᠵᠦ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠤᠰᠤᠳ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠪᠠ᠃ | | |