11 ᠰᠠᠷ᠎ᠠ ᠶᠢᠨ 30 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ | ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 11 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ ᠪᠠᠢ ᠴᠦᠨ ᠮᠧᠶ᠂ ᠤᠯᠠᠭᠠᠨᠲᠤᠶᠠᠭ᠎ᠠ᠂ ᠱᠧᠨ ᠭᠦᠸᠧ ᠴᠧᠨ᠂ ᠢᠦᠢ ᠵᠥᠩ ᠯᠧᠢ ᠵᠢᠴᠢ | ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠭᠤᠣᠯ ᠬᠠᠷᠢᠭᠤᠴᠠᠯᠭᠠᠲᠠᠨ ᠨᠥᠬᠦᠳ ᠰᠤᠷᠤᠯᠴᠠᠯᠭ᠎ᠠ ᠳᠤ ᠣᠷᠣᠯᠴᠠᠪᠠ᠃ | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ | ᠬᠡᠳᠦᠨ ᠴᠢᠬᠤᠯᠠ ᠶᠡᠭᠡ ᠬᠠᠷᠢᠴᠠᠭ᠎ᠠ ᠶᠢᠨ ᠲᠤᠬᠠᠢ ᠴᠢᠬᠤᠯᠠ ᠵᠣᠬᠢᠶᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠸ ᠴᠧᠩ ᠤᠨ | ᠪᠤᠭᠤᠲᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ | ᠪᠣᠶ ᠪᠣᠯᠭᠠᠬᠤ ᠡᠨᠡ ᠬᠦ ᠭᠤᠣᠯ ᠱᠤᠭᠤᠮ ᠢ ᠪᠥᠬᠦ ᠲᠠᠯ᠎ᠠ ᠪᠠᠷ ᠪᠣᠳᠠᠲᠠᠢ ᠪᠥᠭᠡᠳ ᠭᠦᠨᠵᠡᠭᠡᠢ ᠲᠤᠤᠱᠯᠠᠭᠤᠯᠬᠤ ᠲᠤᠬᠠᠢ ᠴᠢᠬᠤᠯᠠᠴᠢᠯᠠᠭᠰᠠᠨ ᠠᠭᠤᠯᠭ᠎ᠠ ᠵᠢᠴᠢ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ | ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠵᠡᠷᠭᠡ | ᠴᠢᠬᠤᠯᠠ ᠶᠠᠷᠢᠶ᠎ᠠ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠦᠪᠯᠡᠷᠡᠩᠭᠦᠢ ᠰᠣᠷᠣᠯᠴᠠᠪᠠ᠃ | ᠴᠠᠩ ᠴᠢᠩ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠰᠢᠰᠲ᠋ᠧᠮ ᠤᠨ ᠦᠵᠡᠯᠲᠡ ᠶᠢ ᠢᠮᠠᠭᠲᠠ ᠪᠠᠷᠢᠮᠲᠠᠯᠠᠨ᠂ ᠬᠥᠬᠡ | ᠠᠭᠤᠯᠠ ᠬᠦᠬᠡᠮᠳᠦᠭ ᠤᠰᠤ ᠪᠣᠯ ᠳᠠᠷᠤᠢ ᠠᠯᠲᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ᠳᠠᠭᠠᠭᠤᠯᠬᠤ | ᠦᠢᠯᠡᠳᠦᠯ ᠢᠶᠠᠨ ᠦᠨᠡᠨᠬᠦ ᠪᠠᠳᠠᠷᠠᠭᠤᠯᠤᠨ᠂ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠠᠵᠢᠯ ᠤᠨ ᠡᠯ᠎ᠡ ᠲᠠᠯ᠎ᠠ ᠳᠤ ᠲᠤᠤᠱᠯᠠᠭᠤᠯᠵᠤ᠂ ᠮᠠᠨ ᠤ | ᠬᠤᠰᠢᠭᠤᠨ ᠤ ᠴᠢᠨᠠᠷ ᠰᠠᠶᠢᠲᠠᠢ ᠠᠵᠤ ᠠᠬᠤᠢ ᠶᠢᠨ ᠬᠥᠭᠵᠢᠯᠲᠡ ᠬᠢᠭᠡᠳ ᠥᠨᠳᠥᠷ ᠥᠷᠲᠡᠭᠲᠦ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠯᠴᠠᠨ ᠬᠠᠪᠰᠤᠷᠤᠯᠴᠠᠵᠤ | ᠬᠠᠷᠢᠯᠴᠠᠨ ᠳᠣᠪᠤᠶᠢᠯᠭᠠᠬᠤ ᠰᠠᠶᠢᠨ ᠰᠠᠶᠢᠬᠠᠨ ᠪᠠᠶᠢᠳᠠᠯ ᠢ ᠪᠡᠶᠡᠯᠡᠭᠦᠯᠬᠦ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ︽ᠬᠤᠣᠰ ᠵᠠᠭᠤᠨ ᠤ ᠵᠢᠱᠢᠶ᠎ᠡ ᠦᠵᠡᠭᠦᠯᠬᠦ ᠢᠨᠵᠧᠨᠧᠷᠢᠩ︾ ᠪᠠ ᠬᠢᠯᠢ ᠬᠢᠵᠠᠭᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠣᠷᠳᠣ ᠬᠤᠩᠭᠢᠯ ᠤᠨ ᠪᠠᠶᠢᠭᠤᠯᠤᠯᠲᠠ ᠵᠡᠷᠭᠡ ᠠᠵᠢᠯ ᠢ ᠢᠳᠡᠪᠬᠢᠲᠡᠢ ᠥᠷᠨᠢᠭᠦᠯᠵᠦ᠂ ᠮᠠᠨ ᠤ ᠬᠤᠰᠢᠭᠤᠨ ᠤ ᠦᠨᠳᠦᠰᠦᠲᠡᠨ ᠤ ᠠᠵᠢᠯ ᠤᠨ | ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠡᠷᠬᠢᠮ ᠳᠡᠭᠡᠳᠦ᠂ ᠠᠮᠢ ᠨᠠᠰᠤ ᠡᠷᠬᠢᠮ ᠳᠡᠭᠡᠳᠦ ᠭᠡᠳᠡᠭ ᠢ ᠢᠮᠠᠭᠲᠠ ᠪᠠᠷᠢᠮᠲᠠᠯᠠᠵᠤ᠂ | ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠯᠡᠨ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠪᠠ ᠦᠨᠳᠦᠰᠦᠨ | ᠱᠠᠲᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠴᠢᠩᠭ᠎ᠠ ᠠᠩᠬᠠᠷᠴᠤ᠂ ᠨᠠᠩ ᠴᠢᠩᠭ᠎ᠠ ᠨᠠᠩ | ᠪᠣᠳᠠᠲᠠᠢ ᠠᠷᠭ᠎ᠠ ᠬᠡᠮᠵᠢᠶ᠎ᠡ ᠪᠠᠷ ᠪᠥᠬᠦ ᠬᠤᠰᠢᠭᠤᠨ ᠤ ᠦᠢᠯᠡᠳᠪᠦᠷᠢᠯᠡᠯ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ | ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | |