11 ᠰᠠᠷ᠎ᠠ ᠶᠢᠨ 30 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ︽ᠤᠮᠠᠷᠠᠲᠤ ᠬᠢᠯᠢ ᠪᠠᠨ ᠰᠠᠬᠢᠨ ᠬᠠᠮᠠᠭᠠᠯᠠᠬᠤ · 2023︾ ᠡᠬᠡ ᠤᠯᠤᠰ ᠤᠨ | ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ ᠰᠦᠷᠳᠡᠭᠦᠯᠦᠯ ᠢ ᠡᠰᠡᠷᠭᠦᠴᠡᠬᠦ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠪᠡ᠃ | ᠠᠵᠢᠯᠯᠠᠭ᠎ᠠ ᠶᠢᠨ ᠵᠣᠷᠢᠯᠭ᠎ᠠ ᠨᠢ ᠮᠠᠨ ᠤ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠬᠤ ᠳᠤ ᠲᠦᠷᠭᠡᠨ ᠬᠠᠷᠢᠭᠤ ᠲᠤᠰᠬᠠᠯ ᠭᠠᠷᠭᠠᠬᠤ | ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠡᠯ᠎ᠡ ᠪᠦᠷᠢᠯᠳᠦᠭᠦᠨ ᠨᠢᠭᠡᠴᠡ ᠶᠢᠨ ᠰᠦᠷᠳᠡᠭᠦᠯᠦᠯ ᠤᠨ ᠳᠠᠭᠠᠷᠢᠯᠲᠠ ᠶᠢ ᠠᠷᠭᠠᠴᠠᠬᠤ ᠬᠠᠮᠵᠢᠯᠴᠠᠭ᠎ᠠ ᠶᠢ | ᠴᠢᠩᠭᠠᠳᠬᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠶᠢᠨ ᠲᠥᠯᠥᠭᠡ ᠶᠤᠮ᠃ ᠬᠤᠰᠢᠭᠤᠨ ᠤ ᠤᠳᠤᠷᠢᠳᠤᠯᠭ᠎ᠠ | ᠪᠥᠬᠡᠪᠠᠶᠠᠷ᠂ ᠲᠢᠶᠠᠨ ᠹᠧᠩ ᠯᠢᠨ᠂ ᠦ᠋ ᠮᠢᠩ ᠡᠾᠦ᠋ᠢ᠂ ᠥᠷᠭᠡᠨ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠾᠧᠦ ᠶᠦᠩ ᠫᠢᠩ | ᠵᠢᠴᠢ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠪᠥᠬᠦ ᠪᠦᠷᠢᠯᠳᠦᠭᠦᠨ ᠨᠢᠭᠡᠴᠡ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ᠂ ᠰᠦᠷᠳᠡᠭᠦᠯᠦᠯ ᠢ ᠡᠰᠡᠷᠭᠦᠴᠡᠬᠦ ᠲᠡᠮᠡᠴᠡᠯ ᠨᠢ ᠤᠯᠤᠰ ᠤᠨ ᠠᠮᠤᠷ ᠲᠦᠪᠰᠢᠨ᠂ ᠥᠭᠡᠷᠡᠴᠢᠯᠡᠯᠲᠡ | ᠬᠥᠭᠵᠢᠯᠲᠡ ᠪᠠ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠤᠷᠳᠤ ᠬᠤᠭᠤᠴᠠᠭᠠᠨ ᠤ ᠪᠦᠭᠡᠳ ᠨᠠᠷᠢᠨ ᠪᠤᠳᠤᠯᠢᠶᠠᠨᠲᠠᠢ ᠪᠡᠷᠬᠡ | ᠬᠠᠲᠠᠭᠤᠵᠢᠯᠲᠠᠢ ᠠᠵᠢᠯ ᠪᠣᠯᠣᠨ᠎ᠠ᠃ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠪᠦᠬᠦ ᠪᠦᠷᠢᠯᠳᠦᠭᠦᠨ ᠨᠢᠭᠡᠴᠡ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠢᠮᠠᠭᠲᠠ ᠪᠠᠲᠤ ᠴᠡᠭᠡᠵᠢᠯᠡᠵᠦ᠂ ᠶᠡᠷᠦᠩᠬᠡᠢ ᠴᠣᠭᠴᠠ ᠶᠢᠨ | ᠤᠯᠤᠰ ᠤᠨ ᠠᠮᠤᠷ ᠲᠦᠪᠰᠢᠨ ᠤ ᠦᠵᠡᠯᠲᠡ ᠶᠢ ᠤᠯᠠᠮ ᠴᠢᠨᠠᠭᠰᠢᠳᠠ ᠪᠠᠲᠤᠳᠬᠠᠨ᠂ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠦᠴᠦ ᠪᠠᠨ | ᠲᠥᠪᠯᠡᠷᠡᠭᠦᠯᠦᠨ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠵᠦ᠂ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ ᠪᠠ ᠠᠷᠠᠳ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠪᠠᠷ ᠡᠭᠦᠷᠭᠡ ᠪᠠᠨ ᠪᠣᠯᠭᠠᠵᠤ᠂ ᠰᠦᠷᠳᠡᠭᠦᠯᠦᠯ ᠢ ᠡᠰᠡᠷᠭᠦᠴᠡᠬᠦ ᠬᠠᠮᠢᠶ᠎ᠠ ᠪᠦᠬᠦᠢ | ᠠᠵᠢᠯ ᠢ ᠭᠦᠨᠵᠡᠭᠡᠢ ᠦᠷᠨᠢᠭᠦᠯᠦᠨ᠂ ᠰᠦᠷᠳᠡᠭᠦᠯᠦᠯ ᠢ ᠡᠰᠡᠷᠭᠦᠴᠡᠬᠦ ︽ᠬᠥᠪᠴᠢ︾ ᠶᠢ ᠴᠠᠭ ᠢᠮᠠᠭᠲᠠ ᠴᠢᠩᠭᠠᠯᠠᠵᠤ᠂ ᠰᠦᠷᠳᠡᠭᠦᠯᠦᠯ ᠢ ᠡᠰᠡᠷᠭᠦᠴᠡᠬᠦ ︽ᠬᠠᠤᠯᠢ︾ | ᠶᠢ ᠰᠠᠶᠢᠲᠤᠷ ᠬᠡᠷᠡᠭᠯᠡᠵᠦ᠂ ᠪᠥᠬᠦ ᠠᠷᠠᠳ ᠤᠨ ᠰᠦᠷᠳᠡᠭᠦᠯᠦᠯ ᠢ ᠡᠰᠡᠷᠭᠦᠴᠡᠬᠦ ︽ᠰᠠᠭᠤᠷᠢ︾ ᠶᠢ ᠪᠠᠬᠢᠵᠢᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠲᠠᠢ | ᠬᠠᠮᠲᠤ ᠪᠠᠷ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠴᠣᠭᠴᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | | | | ᠪᠥᠬᠡᠪᠠᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ︽ᠤᠮᠠᠷᠠᠲᠤ ᠬᠢᠯᠢ ᠪᠠᠨ ᠰᠠᠬᠢᠨ ᠬᠠᠮᠠᠭᠠᠯᠠᠬᠤ · 2023︾ ᠡᠬᠡ ᠤᠯᠤᠰ ᠤᠨ ᠤᠮᠠᠷᠠᠲᠤ ᠬᠢᠯᠢ ᠶᠢᠨ | ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ ᠰᠦᠷᠳᠡᠭᠦᠯᠦᠯ ᠢ ᠡᠰᠡᠷᠭᠦᠴᠡᠬᠦ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ | | | | | ᠠᠵᠢᠯᠯᠠᠭ᠎ᠠ ᠳᠤ ᠣᠯᠠᠨ ᠢᠶᠠᠷ ᠢᠶᠠᠨ ᠰᠦᠷᠳᠡᠭᠦᠯᠦᠯ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠᠭᠠᠵᠢ ᠬᠡᠷᠡᠭᠰᠡᠯ ᠢ ᠲᠣᠭᠤᠷᠢᠨ ᠦᠵᠡᠵᠦ᠂ | ᠵᠡᠪᠰᠡᠭ ᠲᠣᠨᠣᠭᠯᠠᠯ ᠤᠨ ᠬᠡᠷᠡᠭᠴᠡᠭᠡ ᠪᠠ ᠴᠢᠳᠠᠪᠬᠢ ᠶᠢ ᠣᠶᠢᠯᠠᠭᠠᠬᠤ ᠶᠢᠨ ᠬᠠᠮᠲᠤ ᠬᠠᠷᠠᠭᠠᠨ ᠳᠠᠪᠲᠠᠮᠵᠢ᠂ ᠡᠪᠬᠡᠮᠡᠯ ᠬᠠᠭᠤᠳᠠᠰᠤ ᠵᠡᠷᠭᠡ ᠬᠡᠯᠪᠡᠷᠢ ᠪᠠᠷ ᠰᠦᠷᠳᠡᠭᠦᠯᠦᠯ | ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠬᠤᠯᠪᠣᠭᠳᠠᠯ ᠪᠦᠬᠦᠢ ᠮᠡᠳᠡᠯᠭᠡ ᠶᠢ ᠣᠶᠢᠯᠠᠭᠠᠭᠰᠠᠨ ᠪᠠᠶᠢᠨ᠎ᠠ᠃ | | | | ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠦᠷᠳᠡᠭᠦᠯᠦᠯ ᠢ ᠡᠰᠡᠷᠭᠦᠴᠡᠬᠦ ᠠᠵᠢᠯ ᠢ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢᠨ ᠴᠢᠬᠤᠯᠠ ᠡᠭᠦᠷᠭᠡ ᠪᠣᠯᠭᠠᠵᠤ᠂ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ | ᠲᠦᠪᠰᠢᠨ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠭᠰᠠᠭᠠᠷ ᠢᠷᠡᠭᠰᠡᠨ ᠶᠤᠮ᠃ ᠡᠯ᠎ᠡ ᠪᠦᠷᠢᠯᠳᠦᠭᠦᠨ ᠨᠢᠭᠡᠴᠡ | ︽ᠬᠤᠶᠠᠷ ᠢ ᠲᠣᠭᠲᠠᠭᠠᠬᠤ︾ ᠤᠯᠤᠰ ᠲᠦᠷᠦ ᠶᠢᠨ ᠦᠨᠡᠨᠴᠢ ᠰᠢᠳᠤᠷᠭᠤ ᠶᠢ ᠬᠠᠮᠠᠭᠠᠯᠠᠬᠤ ᠶᠢ ᠦᠨᠡᠨᠬᠦ ᠰᠦᠷᠳᠡᠭᠦᠯᠦᠯ ᠢ ᠡᠰᠡᠷᠭᠦᠴᠡᠬᠦ ᠠᠵᠢᠯ ᠤᠨ ᠪᠣᠳᠠᠲᠤ | ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠦᠴᠦᠷᠬᠡᠭ ᠶᠡᠭᠡ ᠤᠬᠠᠭᠤᠯᠭ᠎ᠠ ᠶᠢᠨ ᠳᠠᠭᠠᠷᠢᠯᠲᠠ ᠪᠠᠷ ᠰᠦᠷᠳᠡᠭᠦᠯᠦᠯ ᠢ ᠡᠰᠡᠷᠭᠦᠴᠡᠬᠦ ᠤᠬᠠᠮᠰᠠᠷ ᠢ ᠬᠥᠮᠥᠰ ᠤᠨ | ᠰᠡᠳᠬᠢᠯ ᠳᠤ ᠬᠠᠳᠠᠩᠰᠢᠭᠤᠯᠵᠤ᠂ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ︽ᠪᠣᠯᠣᠳ ᠬᠡᠷᠡᠮ ᠲᠡᠮᠦᠷ ᠬᠠᠨ᠎ᠠ︾ ᠶᠢ ᠬᠠᠮᠲᠤᠪᠠᠷ ᠪᠠᠲᠤ | ᠴᠣᠭᠴᠠᠯᠠᠵᠤ ᠪᠠᠶᠢᠨ᠎ᠠ᠃ | | |