ᠬᠥᠯᠥᠨ ᠪᠠᠯᠭᠠᠰᠤ᠄ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ ᠳᠡᠭᠡᠭᠰᠢᠯᠡᠭᠦᠯᠬᠦ ᠶᠢ ᠪᠣᠳᠠᠲᠠᠢ ᠠᠳᠬᠤᠵᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠢᠷᠤᠭᠯᠠᠵᠤ ᠪᠠᠶᠢᠨ᠎ᠠ
ᠨᠡᠶᠢᠲᠡᠯᠡᠭᠰᠡᠨ ᠴᠠᠭ᠄
2023/12/1
      ᠮᠠᠯᠵᠢᠬᠤ ᠲᠠᠷᠢᠶᠠᠯᠠᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ ᠳᠡᠭᠡᠭᠰᠢᠯᠡᠭᠦᠯᠬᠦ ᠪᠣᠯ ᠥᠷᠭᠡᠨ ᠤᠯᠠᠨ ᠲᠦᠮᠡᠨ ᠤ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠬᠥᠭᠡᠭᠡᠴᠡᠯᠳᠦᠬᠦ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠢᠳᠡᠪᠬᠢᠲᠡᠢ ᠬᠠᠷᠢᠭᠤ ᠲᠤᠰᠬᠠᠯ ᠪᠣᠯᠣᠨ᠎ᠠ᠂ ᠮᠦᠨ ᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ᠎ᠠ᠃ ᠣᠶᠢᠷ᠎ᠠ ᠶᠢᠨ ᠵᠢᠯ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠠᠯᠭᠠᠰᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠲᠠᠭᠤ ᠡᠭᠦᠷᠭᠡ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠦᠬᠦ ᠲᠠᠯ᠎ᠠ ᠪᠠᠷ ᠲᠥᠯᠥᠪᠵᠢᠭᠦᠯᠬᠦ᠂ ᠲᠠᠷᠬᠠᠯᠲᠠ ᠪᠠᠷ ᠵᠠᠰᠠᠬᠤ᠂ ᠦᠷᠭᠦᠯᠵᠢᠯᠡᠨ ᠪᠠᠬᠢᠵᠢᠭᠦᠯᠬᠦ ᠪᠠᠷ ᠳᠠᠮᠵᠢᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠴᠣᠭᠴᠠᠯᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠢᠳᠡᠪᠬᠢᠲᠡᠢ ᠴᠣᠭᠴᠠᠯᠠᠨ ᠪᠠᠶᠢᠭᠤᠯᠪᠠ᠃
12.1呼伦镇1.jpg
      ᠲᠦᠷᠦᠭᠦᠬᠡᠨ᠂ ᠪᠠᠯᠭᠠᠰᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠬᠦ ᠶᠢᠨ ᠲᠥᠯᠥᠭᠡ᠂ ᠬᠥᠯᠥᠨ ᠪᠠᠯᠭᠠᠰᠤ ᠶᠢᠨ ᠬᠢᠨ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ ᠶᠢᠨ ︽ᠡᠪᠦᠯ ᠤᠨ ᠤᠯᠠᠷᠢᠯ︾ ᠤᠨ ᠳᠠᠶᠢᠯᠠᠯᠳᠤᠭᠠᠨ ᠥᠷᠨᠢᠭᠦᠯᠵᠦ᠂ ᠬᠦᠮᠦᠨ ᠠᠷᠠᠳ ᠤᠨ ᠣᠷᠣᠰᠢᠨ ᠰᠠᠭᠤᠬᠤ ᠳᠤ ᠠᠷᠢᠭᠤᠨ ᠴᠡᠪᠡᠷ᠂ ᠠᠮᠤᠷ ᠲᠦᠪᠰᠢᠨ᠂ ᠲᠣᠬᠢᠯᠢᠭ ᠲᠠᠭᠠᠯᠠᠮᠵᠢᠲᠠᠢ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠡᠭᠦᠳᠴᠦ ᠥᠭᠪᠡ᠃       ᠬᠥᠯᠥᠨ ᠪᠠᠯᠭᠠᠰᠤ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠪᠣᠯᠣᠨ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠᠷ ᠵᠢᠭᠰᠠᠭᠠᠯ ᠤᠨ ᠭᠠᠵᠠᠷ ᠪᠣᠯᠭᠠᠵᠤ᠂ ᠣᠨᠣᠯ ᠤᠨ ᠤᠬᠠᠭᠤᠯᠭ᠎ᠠ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠬᠡᠯᠪᠡᠷᠢ ᠪᠠᠷ ᠳᠠᠮᠵᠢᠭᠤᠯᠤᠨ᠂ ᠬᠥᠮᠥᠨ ᠢ ᠰᠣᠶᠣᠯᠵᠢᠭᠤᠯᠵᠤ᠂ ᠣᠯᠠᠨ ᠲᠦᠮᠡᠨ ᠤ ᠣᠷᠣᠯᠴᠠᠬᠤ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃ ᠬᠥᠳᠡᠭᠡ ᠲᠣᠰᠬᠤᠨ ᠤ ᠪᠣᠯᠪᠠᠰᠤᠨ ᠬᠡᠪ ᠰᠤᠷᠲᠠᠯ ᠢ ᠪᠣᠶᠢᠵᠢᠭᠤᠯᠬᠤ ᠪᠠᠷ ᠳᠠᠮᠵᠢᠭᠤᠯᠤᠨ᠂ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠭᠠᠳᠠᠨ᠎ᠠ ᠪᠠᠨ ᠭᠤᠶᠤ ᠰᠠᠶᠢᠬᠠᠨ ᠪᠠᠶᠢᠭᠰᠠᠨ ᠠᠴᠠ ᠨᠢ ᠰᠣᠶᠣᠯ ᠢᠷᠭᠡᠨᠰᠢᠯ ᠤᠨ ᠭᠤᠶᠤ ᠰᠠᠶᠢᠬᠠᠨ ᠪᠣᠯᠭᠠᠨ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃
12.1呼伦镇2.jpg
      ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ ᠨᠢᠭᠡ ᠤᠳᠠᠭᠠᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠬᠤ ᠪᠠᠷ ᠪᠠᠷᠠᠬᠤ ᠦᠭᠡᠢ ᠪᠠᠰᠠ ᠴᠤ ᠨᠢᠭᠡ ᠤᠳᠠᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠪᠣᠯᠬᠤ ᠤᠴᠢᠷ ᠠᠴᠠ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠵᠤ᠂ ᠥᠨᠢ ᠤᠳᠠᠭᠠᠨ ᠪᠠᠷᠢᠮᠲᠠᠯᠠᠬᠤ ᠬᠡᠷᠡᠭᠲᠡᠢ᠃ ᠲᠠᠷᠠᠭᠠᠴᠢ ᠶᠢᠨ ᠠᠯᠬᠤᠮ ᠳᠤ᠂ ᠬᠥᠯᠥᠨ ᠪᠠᠯᠭᠠᠰᠤ ᠦᠷᠭᠦᠯᠵᠢᠯᠡᠨ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠲᠣᠭᠤᠷᠢᠨ ᠳᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠭᠤᠣᠯᠳᠠᠯᠭ᠎ᠠ ᠶᠢ ᠴᠢᠩᠭ᠎ᠠ ᠠᠩᠬᠠᠷᠴᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠰᠠᠭᠤᠭᠠᠯᠢ ᠠᠷᠠᠳ ᠳᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠲᠣᠰᠬᠤᠨ ᠤ ᠳᠦᠷᠰᠦ ᠪᠠᠶᠢᠳᠠᠯ ᠴᠡᠪᠡᠷ ᠲᠡᠭᠰᠢ᠂ ᠲᠣᠰᠬᠤᠨ ᠤ ᠰᠤᠷᠲᠠᠯ ᠪᠣᠯᠪᠠᠰᠤᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠵᠢᠷᠤᠭᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ