ᠠᠷᠤᠬᠠᠰᠢᠶᠠᠲᠦ ᠪᠠᠯᠭᠠᠰᠤ᠄ 51 ᠲᠦᠮᠡᠨ ᠲᠥᠭᠦᠷᠢᠭ ᠤᠨ ᠨᠠᠷᠢᠯᠢᠭ ᠪᠣᠷᠳᠤᠭ᠎ᠠ ᠪᠠᠷ 135 ᠡᠷᠦᠬᠡ ᠮᠠᠯᠴᠢᠳ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2023/12/14
      ᠣᠳᠣᠬᠠᠨ ᠳᠤ ᠶᠠᠭ ᠡᠪᠦᠯ ᠤᠨ ᠳᠤᠮᠳᠠ ᠤᠯᠠᠷᠢᠯ ᠪᠣᠯᠵᠤ᠂ ᠮᠠᠯ ᠤᠨᠤᠭ᠎ᠠ ᠶᠢᠨ ᠡᠪᠦᠯ ᠤᠨ ᠬᠦᠢᠲᠡᠨ ᠢ ᠢᠯᠭᠤᠮ ᠥᠩᠭᠡᠷᠡᠬᠦ ᠶᠢ ᠪᠠᠲᠤᠯᠠᠬᠤ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠤᠬᠠᠰᠢᠶᠠᠲᠤ ᠪᠠᠯᠭᠠᠰᠤ ᠶᠢᠨ ᠪᠦᠯᠬᠦᠮᠳᠡᠯ ᠭᠠᠴᠠᠭ᠎ᠠ ᠶᠢᠨ ᠨᠠᠮ ᠤᠨ ᠡᠭᠦᠷ ᠠᠴᠠ 135 ᠡᠷᠦᠬᠡ ᠪᠠᠶᠢᠩᠭᠤ ᠰᠠᠭᠤᠭ᠎ᠠ ᠮᠠᠯᠴᠢᠳ ᠲᠤ 51 ᠲᠦᠮᠡᠨ ᠲᠥᠭᠦᠷᠢᠭ ᠤᠨ ᠨᠠᠷᠢᠯᠢᠭ ᠪᠣᠷᠳᠤᠭ᠎ᠠ ᠲᠠᠷᠬᠠᠭᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠢᠶᠠᠷ ᠡᠷᠡᠭᠦᠯ ᠢᠶᠠᠷ ᠬᠥᠭᠵᠢᠬᠦ ᠶᠢ ᠪᠠᠲᠤᠯᠠᠵᠤ ᠪᠠᠶᠢᠨ᠎ᠠ᠃       ᠣᠶᠢᠷ᠎ᠠ ᠶᠢᠨ ᠡᠳᠦᠷ᠂ ᠮᠠᠯᠵᠢᠬᠤ ᠣᠷᠣᠨ ᠤ ᠠᠭᠠᠷ ᠤᠨ ᠳᠤᠯᠠᠭᠠᠨ ᠦᠷᠭᠦᠯᠵᠢᠯᠡᠨ ᠳᠣᠷᠣᠭᠰᠢᠯᠠᠵᠤ᠂ ᠲᠠᠯ᠎ᠠ ᠨᠤᠲᠤᠭ ᠠᠯᠢ ᠬᠡᠳᠦᠶᠢᠨ  ᠵᠤᠵᠠᠭᠠᠨ ᠴᠠᠰᠤᠨ ᠳᠤ ᠬᠤᠴᠢᠭᠳᠠᠭᠰᠠᠨ ᠪᠠᠶᠢᠨ᠎ᠠ᠃ ᠲᠡᠰᠬᠢᠮ᠎ᠠ ᠬᠦᠢᠲᠡᠨ ᠠᠭᠤᠷ ᠠᠮᠢᠰᠬᠤᠯ ᠮᠠᠯᠴᠢᠳ ᠤᠨ ᠬᠠᠯᠠᠭᠤᠨ ᠰᠡᠳᠬᠢᠯᠭᠡ ᠶᠢ ᠬᠤᠷᠢᠭᠯᠠᠵᠤ ᠳᠡᠶᠢᠯᠬᠦ ᠦᠭᠡᠢ᠂ ᠥᠷᠯᠥᠭᠡ ᠡᠷᠲᠡ᠂ ᠮᠠᠯᠴᠢᠨ ᠪᠠᠶᠠᠨᠵᠢᠷᠭᠠᠯ ᠤᠨ ᠨᠤᠲᠤᠭ ᠲᠤ ᠲᠡᠵᠢᠭᠡᠯ ᠪᠣᠷᠳᠤᠭ᠎ᠠ ᠠᠪᠬᠤ ᠪᠠᠷ ᠢᠷᠡᠭᠰᠡᠨ ᠮᠠᠯᠴᠢᠨ ᠲᠦᠮᠡᠨ ᠭᠠᠴᠠᠭᠠᠨ ᠤ ᠠᠵᠢᠯᠲᠠᠳ ᠪᠠ ︽ᠬᠤᠶᠠᠷ ᠵᠥᠪᠯᠡᠯ︾ ᠤᠨ ᠬᠠᠪᠰᠤᠷᠤᠯᠭ᠎ᠠ ᠪᠠᠷ ᠳᠠᠩᠰᠠᠯᠠᠭᠤᠯᠵᠤ᠂ ᠲᠡᠷᠭᠡᠨ ᠳᠤ ᠲᠡᠭᠡᠭᠡᠵᠦ᠂ ᠵᠥᠭᠡᠭᠡᠪᠦᠷᠢᠯᠡᠬᠦ ᠪᠠᠷ ᠶᠠᠭᠠᠷᠠᠯᠳᠤᠵᠤ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠪᠠᠶᠢᠯ᠎ᠠ᠃       ᠮᠠᠯᠴᠢᠨ ᠤᠨᠳᠤᠷᠬᠤ ᠶᠢᠨ ᠬᠢ 600 ᠭᠠᠷᠤᠢ ᠬᠤᠨᠢ᠂ 30 ᠭᠠᠷᠤᠢ ᠦᠬᠡᠷ ᠲᠠᠢ᠃ ᠡᠪᠦᠯ ᠣᠷᠣᠭᠰᠠᠨ ᠤ ᠳᠠᠷᠠᠭ᠎ᠠ᠂ ᠤᠨᠳᠤᠷᠬᠤ ᠥᠪᠡᠷ ᠤᠨ ᠮᠠᠯ ᠢᠶᠠᠨ ᠲᠥᠪᠯᠡᠷᠡᠭᠦᠯᠦᠨ ᠬᠠᠰᠢᠶᠠᠯᠠᠨ ᠲᠡᠵᠢᠭᠡᠭᠰᠡᠨ ᠠᠴᠠ ᠮᠠᠯ ᠤᠨ ᠡᠪᠡᠰᠦ ᠪᠣᠷᠳᠣᠭᠠᠨ ᠤ ᠬᠡᠷᠡᠭᠴᠡᠭᠡ ᠶᠢ ᠨᠡᠮᠡᠭᠳᠡᠭᠦᠯᠵᠡᠢ᠃ ᠥᠨᠥᠳᠥᠷ᠂ ᠲᠡᠷᠡ ᠪᠠᠰᠠ ᠨᠢᠭᠡ ᠲᠣᠨ 25 ᠤᠭᠤᠲᠠ ᠨᠠᠷᠢᠯᠢᠭ ᠪᠣᠷᠳᠤᠭ᠎ᠠ ᠬᠤᠪᠢᠶᠠᠨ ᠣᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠰᠢᠭ ᠲᠤᠰᠠ ᠶᠢ ᠬᠦᠷᠲᠡᠭᠰᠡᠨ ᠳᠡᠭᠡᠨ ᠮᠠᠰᠢ ᠪᠠᠶᠠᠷ ᠲᠠᠢ ᠪᠠᠶᠢᠯ᠎ᠠ᠃       ᠲᠣᠰ ᠤᠳᠠᠭᠠᠨ ᠤ ᠨᠠᠷᠢᠯᠢᠭ ᠪᠣᠷᠳᠤᠭ᠎ᠠ ᠲᠠᠷᠬᠠᠭᠠᠭᠰᠠᠨ ᠨᠢ ᠮᠠᠯᠴᠢᠳ ᠤᠨ ᠮᠠᠯ ᠲᠡᠵᠢᠭᠡᠪᠦᠷᠢ ᠶᠢᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠮᠠᠯᠴᠢᠳ ᠤᠨ ᠲᠡᠵᠢᠭᠡᠯ ᠪᠣᠷᠳᠤᠭ᠎ᠠ ᠬᠤᠳᠠᠯᠳᠤᠨ ᠠᠪᠬᠤ ᠠᠵᠤ ᠠᠬᠤᠢ ᠶᠢᠨ ᠳᠠᠷᠤᠭᠠᠰᠤ ᠶᠢ ᠬᠥᠩᠭᠡᠯᠡᠵᠦ᠂ ᠮᠠᠯᠴᠢᠳ ᠤᠨ ᠮᠠᠯ ᠤᠨᠤᠭ᠎ᠠ ᠶᠢᠨ ᠠᠮᠤᠷ ᠲᠦᠪᠰᠢᠨ ᠢᠶᠠᠷ ᠡᠪᠦᠯᠵᠢᠬᠦ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ︽ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠨᠡᠮᠡᠭᠳᠡᠯ ᠢ ᠨᠡᠮᠡᠭᠳᠡᠭᠦᠯᠦᠨ ᠶᠠᠰᠤ ᠴᠢᠨᠠᠷ ᠢ ᠨᠡᠮᠡᠭᠳᠡᠭᠦᠯᠬᠦ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ︾ ᠲᠠᠢ ᠨᠢᠭᠲᠠ ᠤᠶᠠᠯᠳᠤᠭᠤᠯᠤᠨ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠣᠭᠲᠠᠪᠤᠷᠢᠵᠢᠭᠤᠯᠤᠨ ᠴᠢᠩᠭᠠᠷᠠᠭᠤᠯᠵᠤ᠂ ᠲᠥᠷᠥᠯ ᠵᠦᠢᠯ ᠢᠶᠠᠷ ᠲᠡᠳᠬᠦᠬᠦ᠂ ᠬᠠᠮᠲᠤ ᠶᠢᠨ ᠡᠬᠢ ᠪᠠᠶᠠᠯᠢᠭ ᠢ ᠠᠮᠢᠯᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠪᠠᠷ ᠲᠥᠯ ᠲᠤᠰᠴᠤ ᠪᠣᠶᠢᠵᠢᠭᠤᠯᠬᠤ ᠳᠤ ᠬᠦᠴᠦ ᠨᠡᠮᠡᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ  ᠳᠤᠨᠢ ᠬᠡᠷᠡᠭᠯᠡᠨ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠪᠠ ᠮᠠᠯᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠦᠭᠰᠡᠨ ᠶᠤᠮ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ