ᠮᠠᠨ ᠤ ᠣᠷᠣᠨ ᠤ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠨᠤᠭᠤᠳ ᠪᠠᠶᠢᠷᠢ ᠳᠠᠪᠰᠢᠵᠤ ᠲᠡᠷᠢᠭᠦᠨ ᠳᠤ ᠣᠷᠣᠬᠤ ᠪᠠᠷ ᠴᠢᠷᠮᠠᠶᠢᠵᠤ ᠪᠤ
ᠨᠡᠶᠢᠲᠡᠯᠡᠭᠰᠡᠨ ᠴᠠᠭ᠄
2023/12/21
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠪᠠᠶᠢᠷᠢ ᠳᠠᠪᠰᠢᠵᠤ ᠲᠠᠰ ᠳᠡᠪᠰᠢᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠣᠨᠴᠠᠯᠢᠭᠲᠤ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃       ᠬᠤᠷᠠᠯ ᠳᠡᠭᠡᠷ᠎ᠡ᠂ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ 9 ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠲᠤ ᠰᠠᠭᠤᠷᠢᠯᠠᠵᠤ᠂ ᠪᠦᠭᠦ ᠲᠠᠯ᠎ᠠ ᠳᠤ ᠦᠢᠯᠡᠴᠢᠯᠡᠨ᠂ ᠪᠦᠭᠦ ᠤᠯᠤᠰ ᠤᠨ ᠠᠳᠠᠯᠢ ᠲᠥᠷᠥᠯ ᠤᠨ ᠶᠡᠭᠡ ᠳᠡᠭᠡᠳᠦ ᠰᠤᠷᠭᠠᠭᠤᠯᠢ ᠲᠠᠢ ᠬᠠᠷᠢᠴᠠᠭᠤᠯᠵᠤ᠂ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠨᠡᠶᠢᠭᠡᠮ ᠤᠨ ᠦᠢᠯᠡᠴᠢᠯᠡᠭᠡ ᠵᠡᠷᠭᠡ ᠲᠠᠯ᠎ᠠ ᠠᠴᠠ ᠲᠣᠰ ᠰᠤᠷᠭᠠᠭᠤᠯᠢ ᠶᠢᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠲᠠᠯ᠎ᠠ ᠶᠢ ᠭᠦᠨᠵᠡᠭᠡᠢ ᠵᠠᠳᠠᠯᠬᠤ ᠶᠢᠨ ᠬᠠᠮᠲᠤ ᠬᠤᠶᠢᠰᠢᠳᠠ ᠶᠢᠨ ᠨᠢᠭᠡ ᠬᠤᠭᠤᠴᠠᠭᠠᠨ ᠤ ᠲᠠᠰ ᠳᠡᠪᠰᠢᠭᠦᠯᠬᠦ ᠠᠵᠢᠯ ᠤᠨ ᠭᠤᠣᠯ ᠬᠠᠷᠠᠯᠲᠠ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠭᠦᠨ ᠪᠠ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠦᠨᠡᠯᠡᠯᠲᠡ ᠬᠢᠪᠡ᠃       ᠬᠤᠷᠠᠯ ᠠᠴᠠ᠂ ᠪᠦᠭᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠬᠠᠷᠠᠯᠲᠠᠲᠤ ᠤᠳᠤᠷᠢᠳᠤᠮᠵᠢ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠵᠣᠬᠢᠴᠠᠯᠳᠤᠭᠰᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠳᠡᠭᠡᠳᠦ ᠰᠤᠷᠭᠠᠭᠤᠯᠢ ᠨᠤᠭᠤᠳ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠵᠤ᠂ ᠰᠤᠷᠭᠠᠭᠤᠯᠢ ᠡᠷᠭᠢᠯᠡᠭᠦ ᠪᠠᠶᠢᠷᠢ ᠲᠣᠭᠲᠠᠭᠠᠯᠲᠠ ᠪᠠᠨ ᠤᠯᠠᠮ ᠴᠢᠨᠠᠭᠰᠢᠳᠠ ᠲᠣᠳᠣᠷᠬᠠᠶᠢᠯᠠᠨ᠂ ᠵᠢᠩᠬᠢᠨᠢ ᠠᠩᠭᠢ ᠶᠢᠨ ᠰᠤᠷᠭᠠᠨ ᠬᠥᠮᠦᠵᠢᠯ ᠤᠨ ᠰᠠᠭᠤᠷᠢ ᠪᠤᠯᠬᠤ ᠪᠠᠶᠢᠷᠢ ᠰᠠᠭᠤᠷᠢ ᠪᠠᠨ ᠪᠠᠲᠤᠳᠬᠠᠵᠤ᠂ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠰᠣᠯᠪᠢᠴᠠᠨ ᠠᠭᠤᠰᠤᠯᠴᠠᠬᠤ ᠶᠢ ᠠᠬᠢᠭᠤᠯᠤᠨ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠶᠢ ᠶᠡᠭᠡ ᠪᠠᠷ ᠥᠷᠨᠢᠭᠦᠯᠬᠦ ᠬᠡᠷᠡᠭᠲᠡᠢ᠃ ᠥᠷᠭᠡᠨ ᠤᠯᠠᠨ ᠪᠠᠭᠰᠢ ᠰᠤᠷᠤᠬᠴᠢ ᠠᠵᠢᠯᠲᠠᠨ ᠠᠵᠢᠯᠴᠢᠨ ᠢ ᠥᠷᠭᠡᠨ ᠢᠶᠠᠷ ᠲᠠᠶᠢᠴᠢᠯᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠢᠳᠡᠪᠬᠢᠲᠡᠢ ᠣᠷᠣᠯᠴᠠᠭᠤᠯᠵᠤ᠂ ᠠᠳᠠᠯᠢᠳᠬᠠᠬᠤ ᠰᠤᠷᠬᠤ ᠬᠥᠭᠡᠭᠡᠵᠦ ᠭᠦᠢᠴᠡᠬᠦ ᠳᠠᠪᠠᠵᠤ ᠭᠠᠷᠬᠤ ᠠᠮᠢᠳᠤᠯᠢᠭ ᠪᠠᠶᠢᠳᠠᠯ ᠪᠠ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠶᠢ ᠠᠬᠢᠭᠤᠯᠵᠤ᠂ ᠳᠡᠰ ᠳᠡᠪᠰᠢᠬᠦ ᠠᠵᠢᠯ ᠤᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ