ᠪᠦᠭᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠢᠴᠢᠶᠡᠯ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ︾ ᠶᠢᠨ ᠪᠣᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/12/21
      ᠡᠯ᠎ᠡ ᠭᠠᠵᠠᠷ ᠣᠷᠣᠨ ᠤ ᠲᠤᠷᠰᠢᠯᠲᠠ ᠶᠢᠨ ᠰᠤᠷᠭᠠᠭᠤᠯᠢ ᠶᠢᠨ ᠬᠢᠴᠢᠶᠡᠯ ᠤᠨ ᠲᠥᠯᠦᠪᠵᠢᠭᠦᠯᠭᠡ ᠶᠢ ᠰᠤᠳᠤᠯᠤᠨ ᠦᠢᠯᠡᠳᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ᠂ ᠣᠨᠴᠠᠯᠢᠭᠲᠤ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠤᠨ ᠬᠢᠨ ᠪᠦᠭᠦ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠢᠴᠢᠶᠡᠯ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ︾ ᠶᠢᠨ ᠠᠵᠢᠯ ᠤᠨ ᠪᠠᠶᠢᠷᠢ ᠳᠠᠭᠠᠵᠤ ᠰᠤᠳᠤᠯᠤᠨ ᠰᠤᠷᠤᠯᠴᠠᠬᠤ ᠪᠣᠯᠪᠠᠰᠤᠷᠠᠯ ᠤᠨ ᠨᠢᠭᠡᠳᠦᠭᠡᠷ ᠬᠤᠭᠤᠴᠠᠭ᠎ᠠ ᠶᠢ ᠵᠣᠬᠢᠶᠠᠨ ᠪᠠᠶᠢᠭᠤᠯᠵᠤ᠂ ᠱᠠᠩᠬᠠᠢ ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠲᠤᠷᠰᠢᠯᠭ᠎ᠠ ᠶᠢ ᠰᠤᠷᠤᠯᠴᠠᠬᠤ ᠪᠠ ᠯᠠᠪᠯᠠᠯᠲᠠ ᠪᠤᠯᠭᠠᠵᠤ᠂ ᠮᠠᠨ ᠤ ᠣᠷᠣᠨ ᠤ ᠬᠢᠴᠢᠶᠡᠯ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢ ᠪᠦᠲᠦᠮᠵᠢᠲᠡᠶ ᠠᠬᠢᠭᠤᠯᠪᠠ᠃       ᠲᠣᠰ ᠬᠤᠭᠤᠴᠠᠭᠠᠨ ᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠳᠠᠭᠠᠵᠤ ᠰᠤᠳᠤᠯᠤᠨ ᠰᠤᠷᠤᠯᠴᠠᠬᠤ ᠠᠩᠭᠢ ᠨᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠤᠷᠢᠵᠤ᠂ ᠰᠣᠳᠣᠨ ᠬᠢᠴᠢᠶᠡᠯ ᠤᠨ ᠪᠠᠶᠢᠭᠤᠯᠤᠯᠲᠠ ᠵᠢᠴᠢ ᠬᠢᠴᠢᠶᠡᠯ ᠤᠨ ᠲᠠᠩᠬᠢᠮ ᠤᠨ ᠬᠡᠷᠡᠭᠵᠢᠭᠦᠯᠦᠯᠲᠡ ᠬᠢᠭᠡᠳ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠬᠢᠴᠢᠶᠡᠯ ᠤᠨ ᠦᠨᠡᠯᠡᠯᠲᠡ ᠬᠢᠭᠡᠳ ᠲᠣᠭᠲᠠᠴᠠ ᠶᠢᠨ ᠰᠢᠨ᠎ᠡ ᠡᠭᠦᠳᠦᠯᠲᠡ ᠪᠠ ᠰᠣᠷᠣᠬᠴᠢ ᠶᠢᠨ ᠰᠤᠷᠤᠯᠭ᠎ᠠ ᠶᠢᠨ ᠶᠠᠰᠤ ᠴᠢᠨᠠᠷ ᠤᠨ ᠳᠡᠭᠡᠭᠰᠢᠯᠡᠯᠲᠡ ᠵᠡᠷᠭᠡ ᠲᠠᠯ᠎ᠠ ᠪᠠᠷ ᠲᠠᠶᠢᠯᠤᠮᠵᠢ ᠬᠢᠯᠭᠡᠵᠡᠢ᠃ ᠡᠭᠦᠨ ᠤ ᠬᠠᠮᠲᠤ ᠱᠠᠩᠬᠠᠢ ᠶᠢᠨ ᠳᠦᠷᠪᠡᠨ ᠨᠡᠶᠢᠲᠡᠯᠢᠭ ᠲᠥᠯᠥᠭᠡᠯᠡᠭᠴᠢ ᠪᠠᠭ᠎ᠠ ᠰᠤᠷᠭᠠᠭᠤᠯᠢ ᠶᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠢ ᠣᠶᠢᠯᠠᠭᠠᠬᠤ᠂ ᠲᠤᠰᠬᠠᠢ ᠮᠡᠷᠭᠡᠵᠢᠯᠲᠡᠨ ᠤ ᠲᠤᠷᠰᠢᠯᠭ᠎ᠠ ᠶᠢ ᠬᠤᠪᠢᠶᠠᠯᠴᠠᠬᠤ᠂ ᠬᠢᠴᠢᠶᠡᠯ ᠤᠨ ᠲᠠᠩᠬᠢᠮ ᠤᠨ ᠣᠶᠢᠯᠠᠭᠠᠯᠴᠠᠭ᠎ᠠ᠂ ᠳᠣᠲᠣᠭᠠᠳᠤ ᠶᠢᠨ ᠳ᠋ᠦᠩᠨᠡᠯᠲᠡ ᠰᠣᠯᠢᠯᠴᠠᠭ᠎ᠠ ᠬᠢᠬᠦ ᠵᠡᠷᠭᠡ ᠪᠠᠶᠠᠯᠢᠭ ᠰᠠᠶᠢᠬᠠᠨ ᠭᠡᠯᠪᠡᠷᠢ ᠪᠠᠷ ᠤᠯᠠᠨ ᠲᠡᠰ ᠳᠠᠪᠬᠤᠷᠭ᠎ᠠ᠂ ᠤᠯᠠᠨ ᠬᠠᠷᠠᠭᠠᠰᠤ᠂ ᠪᠦᠭᠦ ᠲᠠᠯ᠎ᠠ ᠪᠠᠷ ᠰᠤᠳᠤᠯᠤᠨ ᠰᠤᠷᠤᠯᠴᠠᠬᠤ ᠶᠢ ᠪᠡᠶᠡᠯᠡᠭᠦᠯᠵᠡᠢ᠃       ᠲᠣᠰ ᠤᠳᠠᠭᠠᠨ ᠤ ᠪᠣᠯᠪᠠᠰᠤᠷᠠᠯ ᠳᠤ ᠰᠤᠷᠭᠠᠭᠤᠯᠢ ᠶᠢᠨ ᠰᠣᠶᠣᠯ᠂ ᠰᠤᠷᠭᠠᠭᠤᠯᠢ ᠶᠢᠨ ᠬᠢᠴᠢᠶᠡᠯ ᠪᠠ ᠬᠢᠴᠢᠶᠡᠯ ᠤᠨ ᠲᠠᠩᠬᠢᠮ ᠤᠨ ᠣᠶᠢᠯᠠᠭᠠᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠪᠣᠯᠪᠠᠰᠤᠷᠠᠯ ᠳᠤ ᠣᠷᠣᠯᠴᠠᠬᠰᠠᠨ ᠪᠠᠭᠰᠢ ᠨᠠᠷ ᠢ ᠬᠠᠪᠰᠤᠷᠤᠨ ᠬᠢᠴᠢᠶᠡᠯ ᠨᠡᠭᠡᠭᠡᠬᠦ ᠳᠤ ᠢᠳᠡᠪᠬᠢᠲᠡᠢ ᠣᠷᠣᠯᠴᠠᠭᠤᠯᠵᠤ᠂ ᠰᠣᠷᠣᠬᠰᠠᠨ ᠵᠦᠢᠯ ᠢᠶᠠᠷ ᠢᠶᠠᠨ ᠬᠡᠪ ᠪᠣᠯᠪᠠᠰᠤᠷᠠᠯ ᠤᠨ ᠤᠳᠤᠷᠢᠳᠤᠮᠵᠢ ᠪᠣᠯᠭᠠᠨ᠂ ᠴᠢᠨᠠᠷ ᠰᠠᠶᠢᠲᠠᠢ ᠬᠢᠴᠢᠶᠡᠯ ᠢ ᠪᠠᠶᠢᠭᠤᠯᠵᠤ᠂ ᠰᠤᠷᠤᠬᠴᠢᠳ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠃ ᠳᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠬᠢᠴᠢᠶᠡᠯ ᠤᠨ ᠬᠡᠷᠡᠭᠵᠢᠭᠦᠯᠬᠦ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠤᠰ ᠤᠨ ᠬᠢᠴᠢᠶᠡᠯ ᠤᠨ ᠲᠥᠰᠥᠯ ᠢ ᠣᠷᠣᠨ ᠨᠤᠲᠤᠭ᠂ ᠰᠤᠷᠭᠠᠭᠤᠯᠢ ᠶᠢᠨ ᠬᠢᠴᠢᠶᠡᠯ ᠤᠨ ᠬᠡᠷᠡᠭᠵᠢᠭᠦᠯᠬᠦ ᠲᠥᠯᠦᠪᠵᠢᠭᠦᠯᠭᠡ ᠲᠡᠶᠢᠰᠢ ᠤᠯᠠᠷᠢᠭᠤᠯᠬᠤ ᠶᠢ ᠦᠨᠡᠨ ᠬᠦ ᠴᠢᠩᠭᠠᠳᠬᠠᠵᠤ᠂ ᠰᠤᠷᠭᠠᠭᠤᠯᠢ ᠶᠢᠨ ᠣᠨᠴᠠᠯᠢᠬᠵᠢᠬᠰᠠᠨ᠂ ᠣᠯᠠᠨ ᠶᠠᠩᠵᠤᠴᠢᠯᠠᠭᠰᠠᠨ᠂ ᠴᠢᠨᠠᠷ ᠰᠠᠶᠢᠲᠠᠢ ᠬᠥᠭᠵᠢᠯᠲᠡ ᠶᠢ ᠬᠠᠷᠠᠭᠤᠯᠤᠭᠰᠠᠨ ᠬᠢᠴᠢᠶᠡᠯ ᠤᠨ ᠬᠡᠷᠡᠭᠵᠢᠭᠦᠯᠬᠦ ᠲᠥᠯᠥᠪᠯᠡᠭᠡ ᠶᠢ ᠪᠤᠶ ᠪᠣᠯᠭᠠᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ