ᠬᠡᠦᠬᠡᠳ ᠢᠶᠠᠨ ᠲᠠᠮᠢᠷ ᠤᠨ ᠬᠥᠳᠡᠯᠭᠡᠭᠡᠨ ᠳᠤ ᠢᠯᠡᠭᠦᠬᠡᠨ ᠣᠷᠣᠯᠴᠠᠭᠤᠯᠤᠶ᠎ᠠ
ᠨᠡᠶᠢᠲᠡᠯᠡᠭᠰᠡᠨ ᠴᠠᠭ᠄
2023/12/21
      ᠬᠡᠦᠬᠡᠳ ᠤᠨ ᠬᠥᠮᠦᠵᠢᠯ ᠤᠨ ᠲᠤᠬᠠᠢ ᠶᠠᠷᠢᠬᠤ ᠪᠠᠷ ᠭᠡᠷ ᠤᠨ ᠠᠬᠠᠮᠠᠳ ᠪᠣᠯᠭᠠᠨ ᠪᠠᠷᠤᠭ ᠶᠠᠷᠢᠭᠠᠳ ᠪᠠᠷᠠᠬᠤ ᠦᠭᠡᠢ ᠦᠭᠡ ᠲᠠᠢ᠃ ᠴᠡᠴᠡᠷᠯᠢᠭ ᠤᠨ ᠭᠡᠷ ᠤᠨ ᠠᠬᠠᠮᠠᠳ ᠢᠶᠠᠷ ᠠᠪᠴᠤ ᠬᠡᠯᠡᠬᠦ ᠳᠤ᠂ ᠬᠡᠦᠬᠡᠳ ᠢᠶᠠᠨ ᠶᠠᠮᠠᠷ ᠶᠠᠮᠠᠷ ᠪᠣᠯᠪᠠᠰᠤᠷᠠᠯ ᠤᠨ ᠠᠩᠭᠢ ᠳᠤ ᠥᠭᠴᠢᠬᠡᠯ᠎ᠡ ᠭᠡᠵᠦ ᠶᠠᠷᠢᠵᠠᠭᠠᠨ᠎ᠠ᠃ ᠵᠠᠷᠢᠮ ᠨᠢ ᠵᠠᠪᠳᠤᠵᠤ ᠭᠠᠳᠠᠭᠠᠳᠤ ᠭᠡᠯᠡ ᠰᠤᠷᠭᠠᠬᠤ ᠭᠡᠵᠦ ᠠᠯᠢ ᠬᠡᠯᠡᠨ ᠤ ᠶᠠᠮᠠᠷ ᠠᠩᠭᠢ ᠨᠢ ᠰᠠᠶᠢᠨ᠂ ᠠᠯᠢ ᠨᠢ ᠦᠨ᠎ᠡ ᠬᠠᠩᠰᠢ ᠨᠢ ᠲᠣᠬᠢᠷᠠᠮᠵᠢ ᠲᠠᠢ ᠭᠡᠵᠦ ᠠᠰᠠᠭᠤᠨ ᠰᠤᠷᠠᠭᠯᠠᠵᠤ᠂ ᠬᠠᠷᠢᠴᠠᠭᠤᠯᠤᠨ᠎ᠠ᠃ ᠵᠠᠷᠢᠮ ᠨᠢ ᠰᠡᠳᠬᠢᠬᠦᠢ ᠶᠢᠨ ᠬᠥᠭᠵᠢᠯᠲᠡ ᠨᠢ ᠴᠢᠬᠤᠯᠠ ᠭᠡᠵᠦ ᠤᠷᠠᠨ ᠵᠢᠷᠤᠭ ᠤᠨ ᠠᠩᠭᠢ᠂ ᠪᠠᠰᠠ ᠵᠠᠷᠢᠮ ᠨᠢ ᠬᠡᠯᠡᠵᠦ ᠢᠯᠡᠳᠬᠡᠬᠦ ᠴᠢᠳᠠᠪᠤᠷᠢ ᠶᠢ ᠨᠢ ᠬᠥᠮᠥᠵᠢᠭᠦᠯᠬᠦ ᠭᠡᠵᠦ ᠶᠠᠷᠢᠶ᠎ᠠ ᠢᠯᠡᠳᠬᠡᠯ ᠤᠨ ᠠᠩᠭᠢ ᠵᠡᠷᠭᠡ ᠤᠯᠠᠨ ᠠᠩᠭᠢ ᠳᠤ ᠬᠡᠦᠬᠡᠳ ᠢᠶᠠᠨ ᠬᠦᠷᠭᠡᠵᠦ ᠪᠠᠶᠢᠨ᠎ᠠ᠃ ︽ᠡᠭᠢᠯᠡᠯᠳᠡ ᠶᠢᠨ ᠴᠡᠭ ᠳᠡᠭᠡᠷ᠎ᠡ ᠨᠢ ᠬᠤᠵᠢᠭᠳᠠᠭᠤᠯᠬᠤ ᠦᠭᠡᠢ ᠶᠢᠨ ᠯᠡ ᠲᠥᠯᠥᠭᠡ︾᠃ ᠭᠡᠬᠦ ᠳᠤ᠂ ᠡᠳᠦᠷᠵᠢᠨ ᠠᠩᠭᠢ ᠶᠢᠨ ᠭᠡᠷ ᠪᠤᠶᠤ ᠠᠰᠠᠷ ᠤᠨ ᠵᠢᠵᠢᠭ ᠭᠡᠷ ᠲᠤ ᠰᠢᠮ᠎ᠡ ᠲᠠᠢ ᠰᠠᠶᠢᠨ ᠢᠳᠡᠭᠡᠨ ᠰᠢᠯᠢᠵᠦ ᠰᠣᠩᠭᠤᠨ ᠢᠳᠡᠳᠡᠭ ᠬᠡᠦᠬᠡᠳ ᠲᠤ ᠬᠠᠮᠤᠭ ᠠᠴᠠ ᠱᠠᠭᠠᠷᠳᠠᠭᠳᠠᠬᠤ ᠨᠢ ᠪᠡᠶ᠎ᠡ ᠲᠠᠮᠢᠷ ᠤᠨ ᠬᠥᠳᠡᠯᠭᠡᠭᠡᠨ ᠪᠤᠯᠬᠤ ᠶᠤᠮ᠃      ︽ᠪᠡᠶ᠎ᠡ ᠪᠠᠶᠢᠪᠠᠯ ᠪᠡᠭᠡᠵᠢᠩ︾ ᠭᠡᠵᠦ ᠬᠠᠭᠤᠴᠢᠨ ᠦᠭᠡᠨ ᠳᠤ ᠪᠠᠶᠢᠳᠠᠭ᠃ ᠡᠷᠡᠭᠦᠯ ᠰᠠᠷᠠᠭᠤᠯ ᠪᠡᠶ᠎ᠡ ᠮᠠᠬᠠᠪᠤᠳ ᠨᠢ ᠠᠯᠢ ᠴᠦ ᠬᠥᠮᠦᠵᠢᠯ ᠠᠴᠠ ᠴᠢᠬᠤᠯᠠ᠃ ᠮᠡᠳᠡᠯᠭᠡ ᠴᠢᠳᠠᠪᠤᠷᠢ ᠶᠢᠨ ᠳᠤᠲᠠᠭᠳᠠᠯ ᠢ ᠠᠯᠢ ᠨᠠᠰᠤᠨ ᠳᠤ ᠴᠦ ᠨᠥᠬᠦᠵᠦ ᠠᠪᠴᠤ ᠪᠣᠯᠣᠨ᠎ᠠ᠃ ᠭᠡᠪᠡᠴᠦ ᠡᠷᠡᠭᠦᠯ ᠪᠡᠶ᠎ᠡ ᠶᠢ ᠠᠯᠳᠠᠪᠠᠯ ᠳᠠᠭᠢᠨ ᠡᠷᠭᠢᠭᠦᠯᠦᠨ ᠠᠪᠴᠢᠷᠠᠬᠤ ᠳᠤ ᠪᠡᠷᠬᠡ ᠶᠤᠮ᠃ ᠪᠠᠭ᠎ᠠ ᠰᠤᠷᠭᠠᠭᠤᠯᠢ ᠶᠢᠨ ᠰᠤᠷᠤᠬᠴᠢ ᠬᠡᠳᠦᠨ ᠲᠣᠭᠤᠷᠢᠭ ᠭᠦᠶᠦᠭᠡᠳ ᠵᠢᠷᠦᠬᠡᠨ ᠡᠪᠡᠳᠴᠢᠨ ᠢᠶᠠᠷ ᠠᠳᠡᠭᠰᠡᠨ ᠰᠣᠨᠢᠨ ᠮᠡᠳᠡᠭᠡ ᠰᠦᠯᠵᠢᠶ᠎ᠡ ᠪᠠᠷ ᠶᠠᠪᠤᠵᠤ ᠪᠠᠶᠢᠨ᠎ᠠ᠃ ᠰᠢᠬᠢᠷ ᠰᠢᠵᠢᠩ ᠡᠪᠡᠳᠴᠢᠨ᠂ ᠴᠢᠰᠤᠨ ᠰᠤᠳᠠᠯ ᠤᠨ ᠡᠪᠡᠳᠴᠢᠨ᠂ ᠲᠠᠷᠢᠬᠢᠨ ᠤ ᠡᠪᠡᠳᠴᠢᠨ ᠣᠯᠣᠭᠰᠠᠨ ᠬᠡᠦᠬᠡᠳ ᠤᠨ ᠲᠤᠭ᠎ᠠ ᠣᠯᠠᠰᠢᠷᠠᠵᠤ ᠪᠠᠶᠢᠭ᠎ᠠ ᠪᠥᠭᠡᠳ ᠨᠠᠰᠤ ᠨᠢ ᠨᠡᠩ ᠪᠠᠭ᠎ᠠ ᠪᠣᠯᠵᠤ ᠪᠠᠶᠢᠭ᠎ᠠ ᠶᠢ ᠠᠩᠬᠠᠷᠤᠭᠤᠰᠢᠲᠠᠢ᠃ ᠪᠠᠰᠠ ᠵᠠᠷᠢᠮ ᠰᠤᠷᠤᠬᠴᠢ ᠨᠢᠭᠡ ᠤᠳᠠᠭᠠᠨ ᠤ ᠰᠢᠯᠭᠠᠯᠲᠠ ᠳᠤ ᠮᠠᠭᠤᠬᠠᠨ ᠬᠤᠪᠢ ᠣᠯᠣᠭᠰᠠᠨ ᠪᠤᠶᠤ ᠪᠠᠭᠰᠢ ᠳᠠᠭᠠᠨ ᠵᠢᠮᠡᠯᠡᠭᠳᠡᠵᠦ᠂ ᠠᠪᠤ ᠡᠵᠢ ᠳᠡᠭᠡᠨ ᠬᠡᠯᠡᠭᠳᠡᠭᠡᠳ ᠠᠰᠠᠷ ᠠᠴᠠ ᠦᠰᠦᠷᠦᠭᠰᠡᠨ ᠵᠡᠷᠭᠡ ᠰᠣᠨᠢᠨ ᠮᠡᠳᠡᠭᠡ ᠴᠦ ᠬᠠᠶᠠ ᠬᠠᠷᠠᠭᠳᠠᠨ᠎ᠠ᠃ ᠶᠡᠬᠡᠴᠦᠦᠯ ᠤᠨ ᠬᠡᠦᠬᠡᠳ ᠢᠶᠠᠨ ᠡᠷᠳᠡᠮᠲᠡᠨ ᠴᠢᠳᠠᠪᠤᠷᠢᠲᠠᠨ ᠪᠤᠯᠭᠠᠬᠤ ᠴᠢᠩᠭ᠎ᠠ ᠬᠦᠰᠡᠯ ᠮᠥᠷᠥᠭᠡᠳᠦᠯ᠂ ᠨᠡᠶᠢᠭᠡᠮ ᠨᠡᠶᠢᠳᠡ ᠶᠢᠨ ᠡᠯ᠎ᠡ ᠡᠲᠡᠭᠡᠳ ᠤᠨ ᠰᠤᠷᠭᠠᠨ ᠬᠥᠮᠦᠵᠢᠯ ᠤᠨ ᠲᠤᠬᠠᠢ ᠳᠡᠪᠵᠢᠶᠡᠷᠡᠯ ᠳᠣᠣᠷ᠎ᠠ ᠪᠠᠭᠠᠴᠤᠳ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠶᠢᠨ ᠠᠰᠠᠭᠤᠳᠠᠯ ᠤᠯᠠᠮ ᠲᠣᠪᠤᠶᠢᠮ᠎ᠠ ᠪᠣᠯᠵᠤ ᠪᠠᠶᠢᠬᠤ ᠨᠢ ᠡᠨᠡ᠃ ᠠᠮᠢ ᠨᠠᠰᠤ ᠬᠥᠳᠡᠯᠭᠡᠭᠡᠨ ᠤ ᠳᠤᠮᠳᠠ ᠣᠷᠣᠰᠢᠨ᠎ᠠ ᠭᠡᠳᠡᠭ ᠢᠶᠠᠷ᠂ ᠡᠳᠡᠭᠡᠷ ᠠᠰᠠᠭᠤᠳᠠᠯ ᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠦᠷᠭᠦᠯᠵᠢ ᠣᠷᠣᠯᠴᠠᠨ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠤᠶᠤᠨ ᠰᠠᠨᠠᠭ᠎ᠠ ᠪᠠᠨ ᠬᠠᠲᠠᠭᠤᠵᠢᠭᠤᠯᠬᠤ ᠪᠠᠷ ᠳᠠᠮᠵᠢᠨ ᠰᠢᠢᠳᠪᠦᠷᠢᠯᠡᠵᠦ ᠪᠤᠯᠬᠤ ᠶᠢ ᠠᠯᠢ ᠤᠯᠠᠨ ᠰᠤᠳᠤᠯᠭᠠᠨ ᠬᠠᠷᠠᠭᠤᠯᠵᠤ ᠪᠤᠢ᠃       ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠬᠡᠦᠬᠡᠳ ᠤᠨ ᠦᠰᠦᠨ ᠪᠤᠶᠢᠵᠢᠯᠳᠠ ᠳᠤ ᠰᠠᠶᠢᠨ᠂ ᠪᠤᠯᠴᠢᠩ ᠰᠢᠷᠪᠦᠰᠦ ᠶᠢ ᠨᠢ ᠴᠢᠩᠭᠠᠷᠠᠭᠤᠯᠵᠤ᠂ ᠬᠦᠴᠦᠨ ᠴᠢᠳᠠᠯ ᠢ ᠨᠢ ᠨᠡᠮᠡᠭᠳᠡᠭᠦᠯᠬᠦ ᠪᠠᠷ ᠪᠠᠷᠠᠬᠤ ᠦᠭᠡᠢ᠂ ᠰᠡᠳᠬᠢᠬᠦᠢ ᠶᠢ ᠨᠢ ᠰᠠᠷᠠᠭᠤᠯᠵᠢᠭᠤᠯᠵᠤ᠂ ᠤᠶᠤᠨ ᠢ ᠨᠢ ᠨᠡᠭᠡᠭᠡᠭᠳᠡᠭᠦᠯᠵᠦ᠂ ᠲᠡᠰᠪᠦᠷᠢ ᠲᠡᠪᠴᠢᠶᠡᠷᠢ ᠪᠠ ᠢᠲᠡᠭᠡᠯ ᠵᠣᠷᠢᠭ ᠢ ᠨᠢ ᠨᠡᠮᠡᠭᠳᠡᠭᠦᠯᠦᠨ᠎ᠡ᠃ ᠮᠥᠨᠴᠦ ᠵᠢᠷᠦᠬᠡ ᠠᠭᠤᠰᠬᠢᠨ ᠤ ᠴᠢᠳᠠᠪᠤᠷᠢ ᠶᠢ ᠳᠡᠭᠡᠭᠰᠢᠯᠡᠭᠦᠯᠵᠤ᠂ ᠰᠢᠩᠭᠡᠭᠡᠯᠲᠡ ᠶᠢ ᠰᠠᠶᠢᠵᠢᠷᠠᠭᠤᠯᠵᠤ᠂ ᠮᠡᠳᠡᠷᠡᠯ ᠤᠨ ᠰᠢᠰᠲ᠋ᠧᠮ ᠢ ᠬᠥᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠡᠳᠦ ᠮᠠᠷᠢᠶᠠᠯᠠᠬᠤ ᠠᠴᠠ ᠵᠠᠶᠢᠯᠠᠰᠬᠢᠵᠦ ᠴᠢᠳᠠᠳᠠᠭ᠃ ᠪᠡᠶ᠎ᠡ ᠶᠢᠨ ᠲᠠᠮᠢᠷ ᠲᠠᠭᠠᠨ ᠰᠠᠶᠢᠨ ᠬᠡᠦᠬᠡᠳ ᠰᠤᠷᠤᠯᠭ᠎ᠠ ᠳᠠᠭᠠᠨ ᠴᠦ ᠰᠠᠶᠢᠨ ᠪᠠᠶᠢᠳᠠᠭ ᠵᠢᠱᠢᠶ᠎ᠡ ᠲᠠ ᠪᠢᠳᠠᠨ ᠤ ᠬᠠᠵᠠᠭᠤ ᠳᠤ ᠤᠯᠠᠨ ᠯᠠ ᠪᠠᠶᠢᠨ᠎ᠠ᠃ ᠪᠡᠶ᠎ᠡ ᠲᠠᠮᠢᠷ ᠤᠨ ᠬᠥᠳᠡᠯᠭᠡᠭᠡᠨ ᠳᠤ ᠣᠷᠤᠯᠴᠠᠬᠤ ᠪᠠᠷ ᠲᠠᠮᠵᠢᠨ ᠬᠡᠦᠬᠡᠳ ᠤᠳ ᠰᠤᠷᠤᠯᠭ᠎ᠠ ᠶᠢᠨ ᠳᠠᠷᠤᠭᠠᠰᠤ ᠪᠠ ᠰᠡᠳᠬᠢᠯ ᠤᠨ ᠪᠤᠬᠢᠨᠢᠳᠤᠯ ᠢᠶᠠᠨ ᠳᠠᠶᠢᠯᠵᠤ᠂ ᠤᠷᠮ᠎ᠠ ᠰᠡᠳᠬᠢᠯᠭᠡ ᠪᠠᠨ ᠲᠣᠬᠢᠷᠠᠭᠤᠯᠵᠤ ᠴᠢᠳᠠᠳᠠᠭ ᠶᠤᠮ᠃       ᠭᠡᠷ ᠤᠨ ᠠᠬᠠᠮᠠᠳ ᠬᠡᠦᠬᠡᠳ ᠲᠡᠭᠡᠨ ᠳᠠᠭᠤᠷᠢᠶᠠᠯ ᠪᠣᠯᠵᠤ᠂ ᠭᠠᠷ ᠤᠲᠠᠰᠤ ᠱᠠᠭᠠᠶᠢᠬᠤ ᠪᠠᠨ ᠴᠥᠭᠡᠴᠢᠯᠡᠵᠦ᠂ ᠬᠡᠦᠬᠡᠳ ᠢᠶᠠᠨ ᠳᠠᠭᠠᠭᠤᠯᠤᠨ ᠦᠷᠭᠦᠯᠵᠢ ᠶᠢᠨ ᠴᠢᠨᠠᠷᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠵᠤ ᠪᠠᠶᠢᠪᠠᠯ ᠬᠡᠦᠬᠡᠳ ᠤᠨ ᠢᠶᠠᠨ ᠪᠡᠶ᠎ᠡ ᠮᠠᠬᠠᠪᠤᠳ ᠢ ᠴᠢᠭᠢᠷᠠᠭᠵᠢᠭᠤᠯᠬᠤ ᠪᠥᠭᠡᠳ ᠭᠠᠷ ᠤᠲᠠᠰᠤ ᠨᠠᠭᠠᠳᠬᠤ ᠰᠢᠨᠤᠯ ᠢ ᠨᠢ ᠴᠦ ᠲᠠᠶᠠᠭᠳᠠᠭᠤᠯᠵᠤ ᠲᠡᠶᠢᠯᠭᠦ ᠨᠢ ᠭᠠᠷᠴᠠᠭ᠎ᠠ ᠦᠭᠡᠢ᠃ ᠤᠯᠤᠰ ᠦᠨᠳᠦᠰᠦᠲᠡᠨ ᠤ ᠬᠥᠭᠵᠢᠯ ᠮᠠᠨᠳᠤᠯ ᠬᠡᠦᠬᠡᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠᠶᠢᠬᠤ ᠲᠠᠢ ᠰᠢᠭᠤᠳ ᠬᠤᠯᠪᠤᠭ᠎ᠠ ᠲᠠᠢ ᠪᠠᠶᠢᠳᠠᠭ ᠰᠢᠤ ᠳ᠋ᠠ᠃ ᠬᠡᠦᠬᠡᠳ ᠢᠶᠠᠨ ᠪᠢᠳᠡ ᠪᠡᠶ᠎ᠡ ᠲᠠᠮᠢᠷ ᠤᠨ ᠬᠥᠳᠡᠯᠭᠡᠭᠡᠨ ᠳᠤ ᠢᠯᠡᠭᠦᠬᠡᠨ ᠣᠷᠣᠯᠴᠠᠭᠤᠯᠤᠶ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ