ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠤ ᠶᠢᠨ ᠬᠡᠰᠡᠭ ᠵᠡᠭᠡᠯᠢ ᠭᠤᠳᠤᠮᠵᠢ ᠵᠢᠴᠢ ᠰᠠᠭᠤᠭᠠᠯᠢ ᠲᠣᠭᠤᠷᠢᠭ ᠤᠨ ᠨᠡᠷ᠎ᠡ ᠶᠢ ᠰᠣᠯᠢᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/12/22
      ᠮᠠᠨ ᠤ ᠬᠤᠰᠢᠭᠤᠨ ᠤ ᠭᠠᠵᠠᠷ ᠤᠨ ᠨᠡᠷ᠎ᠡ ᠶᠢᠨ ᠳᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠤᠨ ᠨᠡᠷ᠎ᠡ ᠶᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ ᠨᠡᠩ ᠰᠠᠶᠢᠨ ᠦᠢᠯᠡᠴᠢᠯᠡᠭᠦᠯᠬᠦ ᠶᠢ ᠠᠬᠢᠭᠤᠯᠬᠤ ᠶᠢᠨ ᠲᠦᠯᠦᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠮᠠᠨ ᠤ ᠬᠤᠰᠢᠭᠤᠨ ᠤ ᠭᠠᠵᠠᠷ ᠤᠨ ᠨᠡᠷ᠎ᠡ ᠶᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ ᠵᠢᠴᠢ ᠭᠠᠵᠠᠷ ᠤᠨ ᠨᠡᠷ᠎ᠡ ᠶᠢᠨ ᠲᠡᠮᠳᠡᠭ ᠢᠯᠡᠷᠬᠡᠶᠢᠯᠡᠯ ᠲᠣᠬᠢᠷᠠᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠯᠲᠠ ᠬᠢᠬᠦ᠂ ᠨᠡᠶᠢᠭᠡᠮ ᠨᠡᠶᠢᠲᠡ ᠶᠢᠨ ᠰᠠᠨᠠᠯ ᠢ ᠬᠤᠷᠢᠶᠠᠬᠤ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠬᠢᠬᠦ᠂ ᠨᠡᠶᠢᠭᠡᠮ ᠤᠨ ᠠᠶᠤᠯ ᠲᠦᠭᠰᠢᠭᠦᠷᠢ ᠶᠢᠨ ᠲᠣᠭᠲᠠᠭᠤᠨ ᠪᠠᠶᠢᠳᠠᠯ ᠢ ᠦᠨᠡᠯᠡᠨ ᠵᠢᠱᠢᠬᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠵᠡᠷᠭᠡ ᠬᠡᠯᠪᠡᠷᠢ ᠪᠠᠷ ᠳᠠᠮᠵᠢᠨ᠂ ᠮᠠᠨ ᠤ ᠬᠤᠰᠢᠭᠤᠨ ᠤ ᠠᠯᠳ᠋ᠬᠠᠮᠡᠭᠡᠯ ᠪᠠᠯᠭᠠᠰᠤ ᠶᠢᠨ ᠨᠢᠭᠡ ᠵᠡᠭᠡᠯᠢ ᠭᠤᠳᠤᠮᠵᠢ ᠵᠢᠴᠢ ᠨᠢᠭᠡ ᠰᠠᠭᠤᠭᠠᠯᠢ ᠲᠣᠭᠤᠷᠢᠭ ᠤᠨ ᠨᠡᠷ᠎ᠡ ᠶᠢ ᠰᠣᠯᠢᠬᠤ ᠠᠵᠢᠯ ᠢ ᠥᠷᠨᠢᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠳᠡᠭᠡᠭᠰᠢ ᠮᠡᠳᠡᠭᠦᠯᠵᠦ ᠬᠢᠨᠠᠨ ᠵᠥᠪᠰᠢᠶᠡᠷᠡᠭᠦᠯᠪᠡ᠃ ᠤᠳᠤ ᠳᠣᠣᠷᠠᠬᠢ ᠮᠡᠲᠦ ᠵᠠᠷᠯᠠᠶ᠎ᠠ᠄       1. ᠤᠤᠯ ᠤᠨ ︽ᠴᠣᠶᠢᠪᠠᠯᠰᠠᠩ ᠶᠡᠭᠡ ᠵᠡᠭᠡᠯᠢ︾᠎ ᠶᠢᠨ ᠨᠡᠷ᠎ᠡ ᠶᠢ ︽ᠮᠡᠨᠡᠩ ᠶᠡᠭᠡ ᠵᠡᠭᠡᠯᠢ︾ ᠭᠡᠵᠦ ᠰᠣᠯᠢᠬᠤ ᠪᠠᠷ ᠲᠣᠭᠲᠠᠪᠠ᠃       ︽ᠴᠣᠶᠢᠪᠠᠯᠰᠠᠩ ᠶᠡᠭᠡ ᠵᠡᠭᠡᠯᠢ︾᠎ ᠶᠢᠨ ᠶᠡᠷᠦᠩᠬᠡᠢ ᠵᠠᠮ ᠤᠨ ᠣᠷᠳᠣ ᠨᠢ 1323 ᠮᠧᠲᠷ᠂ ᠥᠷᠭᠡᠨ ᠨᠢ 27 ᠮᠧᠲᠷ ᠪᠠᠶᠢᠵᠤ᠂ ᠵᠠᠮ ᠤᠨ ᠶᠡᠷᠦᠩᠬᠡᠢ ᠲᠠᠯᠠᠪᠠᠶ ᠎ ᠨᠢ 35721 ᠲᠡᠭᠰᠢ ᠳᠥᠷᠪᠡᠯᠵᠢᠨ ᠮᠧᠲᠷ ᠪᠣᠯᠣᠨ᠎ᠠ᠃       2. ᠤᠤᠯ ᠤᠨ ︽ᠴᠣᠶᠢᠪᠠᠯᠰᠠᠩ ᠰᠠᠭᠤᠭᠠᠯᠢ ᠲᠣᠭᠤᠷᠢᠭ︾᠎ ᠤᠨ ᠨᠡᠷ᠎ᠡ ᠶᠢ ︽ᠮᠡᠨᠡᠩ ᠰᠠᠭᠤᠭᠠᠯᠢ ᠲᠣᠭᠤᠷᠢᠭ︾ ᠭᠡᠵᠦ ᠰᠣᠯᠢᠬᠤ ᠪᠠᠷ ᠲᠣᠭᠲᠠᠪᠠ᠃       ︽ᠴᠣᠶᠢᠪᠠᠯᠰᠠᠩ ᠰᠠᠭᠤᠭᠠᠯᠢ ᠲᠣᠭᠤᠷᠢᠭ︾᠎ ᠨᠢ ᠮᠠᠨ ᠤ ᠬᠤᠰᠢᠭᠤᠨ ᠤ ᠠᠯᠳ᠋ᠬᠠᠮᠡᠭᠡᠯ ᠪᠠᠯᠭᠠᠰᠤ ᠶᠢᠨ ᠪᠣᠭᠳᠠᠠᠭᠤᠯᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠬᠠᠷᠢᠶᠠᠯᠠᠭᠳᠠᠵᠤ᠂ 2009 ᠣᠨ ᠳᠤ ᠪᠠᠶᠢᠭᠤᠯᠤᠭᠳᠠᠵᠤ᠂ 377 ᠬᠥᠮᠥᠨ ᠠᠮᠠ ᠲᠠᠢ᠂ ᠲᠠᠯᠠᠪᠠᠢ ᠨᠢ 0.023900 ᠲᠡᠭᠰᠢ ᠳᠦᠷᠪᠡᠯᠵᠢᠨ ᠮᠧᠲᠷ ᠪᠣᠯᠣᠨ᠎ᠠ᠃                               ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ                                       2023 ᠣᠨ ᠤ 12 ᠰᠠᠷ᠎ᠠ ᠶᠢᠨ 15᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ